ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠪᠦᠬᠦ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/11/25
     ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠳ᠋ᠤᠭᠡᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠢᠦᠶ ᠴᠢᠤᠸᠠᠨ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠤᠯᠤᠰ ᠲᠥᠷᠥ ᠶᠢᠨ ᠠᠵᠢᠯ ᠤᠨ ᠺᠠᠳ᠋ᠷ ᠪᠣᠯᠪᠠᠰᠤᠷᠠᠯ ᠳᠤ ᠣᠷᠣᠯᠴᠠᠵᠤ᠂ ᠨᠡᠶᠢᠲᠡ 150 ᠭᠠᠷᠤᠶ ᠬᠥᠮᠦᠨ ᠣᠷᠣᠯᠴᠠᠵᠠᠶ᠃
     ᠪᠣᠯᠪᠠᠰᠤᠷᠠᠯ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠤᠨ ᠲᠣᠭᠤᠷᠢᠨ ᠳᠤ 3 ᠲᠤᠰᠬᠠᠶ ᠰᠡᠳᠦᠪᠲᠦ ᠬᠢᠴᠢᠶᠡᠯ ᠲᠣᠬᠢᠷᠠᠭᠤᠯᠵᠤ᠂ ᠨᠡᠶᠢᠲᠡ 3 ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠬᠢᠴᠢᠶᠡᠯ ᠣᠷᠣᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ 4 ᠤᠳᠤᠷᠢᠳᠬᠤ ᠺᠠᠳ᠋ᠷ ᠢ ᠳᠣᠭᠢᠷᠠᠭᠤᠯᠤᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠪᠠᠶᠢᠳᠠᠯ ᠲᠠᠢ ᠤᠶᠠᠯᠳᠤᠭᠤᠯᠤᠨ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠠᠵᠢᠯ᠂ ︽ᠭᠤᠷᠪᠠ ᠶᠢ ᠲᠣᠭᠲᠠᠭᠠᠬᠤ︾ ᠲᠣᠭᠲᠠᠭᠠᠯ ᠢ ᠲᠣᠭᠲᠠᠭᠠᠵᠤ ᠳᠣᠭᠢᠷᠠᠭᠤᠯᠬᠤ ᠴᠤᠪᠤᠷᠠᠯ᠂ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ᠂ ᠠᠵᠢᠯ ᠦᠢᠯᠡᠰ ᠤᠨ ᠨᠢᠭᠡᠴᠢ ᠶᠢᠨ ᠳᠡᠩᠰᠡᠯᠡᠨ ᠬᠠᠮᠢᠶᠠᠷᠬᠤ ᠵᠡᠷᠭᠡ ᠠᠵᠢᠯ ᠳᠤ ᠬᠢᠴᠢᠶᠡᠯ ᠣᠷᠣᠭᠤᠯᠪᠠ᠃      ᠪᠣᠯᠪᠠᠰᠤᠷᠠᠯ ᠤᠨ ᠠᠭᠤᠯᠭ᠎ᠠ ᠣᠳᠣᠬᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠲᠤᠭᠤᠷᠢᠨ ᠳᠤ᠂ ᠥᠨᠳᠥᠷ ᠪᠦᠲᠦᠮᠵᠢᠲᠡᠶ ᠪᠠᠷ ᠪᠣᠳᠠᠲᠠᠶ ᠶᠢ ᠡᠷᠬᠢᠮᠯᠡᠵᠦ᠂ ᠠᠭᠤᠯᠭ᠎ᠠ ᠨᠢ ᠪᠠᠶᠠᠯᠢᠭ ᠪᠠᠶᠢᠵᠤ᠂ ᠣᠳᠣᠬᠠᠨ ᠤ ᠠᠵᠢᠯ ᠤᠨ ᠭᠤᠤᠯᠳᠠᠯᠭ᠎ᠠ᠂ ᠪᠣᠳᠠᠲᠠᠶ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠬᠤᠷᠸ᠎ᠠ ᠲᠠᠯ᠎ᠠ ᠶᠢᠨ ᠶᠡᠷᠦᠩᠬᠡᠶ ᠡᠵᠡᠮᠳᠡᠯ ᠪᠠᠶᠢᠬᠤ ᠮᠥᠷᠲᠡᠭᠡᠨ ᠪᠠᠰᠠ ᠬᠤᠮᠠᠬᠢ ᠲᠠᠯ᠎ᠠ ᠶᠢᠨ ᠠᠵᠢᠯᠯᠠᠬᠤ ᠤᠷ᠎ᠠ ᠮᠡᠷᠭᠡᠵᠢᠯ ᠲᠠᠢ ᠪᠠᠶᠢᠳᠠᠭ᠃      ᠲᠣᠰ ᠤᠳᠠᠭᠠᠨ ᠤ ᠪᠥᠬᠦ ᠲᠠᠯ᠎ᠠ ᠶᠢᠨ ᠰᠢᠰᠲ᠋ᠧᠮ ᠲᠠᠢ ᠪᠣᠯᠪᠠᠰᠤᠷᠠᠯ ᠢᠶᠠᠷ ᠳᠡᠮᠵᠢᠨ᠂ ᠪᠥᠬᠦ  ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠤᠨ ︽ᠣᠷᠣᠨ ᠲᠤᠭ᠎ᠠ ᠪᠣᠯ ᠳᠠᠷᠤᠶ ᠬᠠᠤᠯᠢ ᠳᠦᠷᠢᠮᠵᠢᠯ ᠮᠥᠨ︾ ᠭᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠲᠤᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠵᠣᠭᠰᠣᠯᠲᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ  ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠬᠠᠥᠯᠢ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠦᠲᠦᠮᠵᠢᠲᠡᠶ ᠪᠠᠲᠤᠯᠠᠭ᠎ᠠ ᠬᠠᠩᠭᠠᠵᠤ᠂ ᠢᠦᠢ ᠴᠢᠤᠸᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号