ᠢᠦᠢ ᠴᠢᠤᠸᠠᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠡᠷᠡᠭᠦᠯ ᠮᠡᠨᠳᠦ ᠶᠢᠨ ᠠᠭᠤᠰᠤᠯᠴᠠᠯ ᠤᠨ ᠤᠷᠠᠨ ᠰᠠᠶᠢᠬᠠᠨ ᠤ ᠬᠠᠮ ᠲᠣᠭᠯᠠᠯᠲᠠ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/11/26
     ᠢᠦᠶ ᠴᠢᠤᠸᠠᠨ ᠲᠣᠭᠤᠷᠢᠭ ᠤᠨ ᠵᠡᠮᠳᠡᠭᠴᠦᠳ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭᠴᠦᠳ ᠤᠨ ᠰᠣᠶᠣᠯ ᠤᠨ ᠢᠲᠡᠭᠡᠯ ᠢ ᠨᠡᠮᠡᠭᠳᠡᠭᠦᠯᠦᠨ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠶᠢ ᠠᠬᠢᠭᠤᠯᠵᠤ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠶᠢ ᠵᠤᠷᠢᠭᠵᠢᠭᠤᠯᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 22 ᠤ ᠡᠳᠦᠷ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠣᠭᠤᠷᠢᠭ ᠤᠨ ᠰᠣᠶᠣᠯ ᠤᠨ ᠣᠷᠳᠣᠨ ᠳᠤ ᠢᠦᠢ ᠴᠢᠤᠸᠠᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠡᠷᠡᠭᠦᠯ ᠮᠡᠨᠳᠦ ᠶᠢᠨ ᠤᠷᠠᠨ ᠰᠠᠶᠢᠬᠠᠨ ᠤ ᠬᠠᠮ ᠲᠣᠭᠯᠠᠯᠲᠠ ᠶᠢ ᠠᠮᠵᠢᠯᠲᠠ ᠲᠠᠢ ᠡᠷᠬᠢᠯᠡᠪᠡ᠃
     ᠲᠤᠰ ᠲᠠᠯᠠᠪᠤᠷ ᠤᠨ ᠲᠣᠭᠯᠠᠯᠲᠠ ᠨᠢ ᠳᠠᠭᠤᠤ ᠪᠥᠵᠢᠭ᠂ ᠴᠠᠷᠭᠢᠯ ᠬᠤᠯᠪᠣᠭ᠎ᠠ᠂ ᠰᠢᠯᠦᠭ ᠳᠠᠭᠤᠯᠠᠯ᠂ ᠬᠥᠭᠵᠢᠮ ᠬᠥᠭᠵᠢᠮᠳᠡᠬᠦ᠂ ᠠᠮᠠᠨ ᠮᠡᠷᠭᠡᠵᠢᠯ ᠢ ᠳᠠᠭᠤᠷᠢᠶᠠᠬᠤ᠂ ᠣᠷᠣᠨ ᠨᠤᠲᠤᠭ ᠤᠨ ᠰᠢ ᠵᠦᠴᠦᠭᠡ ᠵᠡᠷᠭᠡ ᠣᠯᠠᠨ ᠵᠦᠢᠯ ᠤᠨ ᠤᠷᠠᠯᠢᠭ ᠤᠨ ᠲᠥᠷᠥᠯ ᠤᠨ 12 ᠰᠢᠯᠢᠳᠡᠭ ᠫᠷᠤᠭ᠍ᠷᠠᠮ ᠢ ᠰᠣᠩᠭᠤᠵᠤ᠂ ᠤᠷᠠᠨ ᠪᠦᠲᠦᠭᠡᠯ ᠢᠶᠠᠷ ᠢᠶᠠᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠶᠢ ᠮᠠᠭᠲᠠᠨ ᠳᠠᠭᠤᠯᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠤᠯᠠᠮᠵᠢᠯᠠᠬᠤ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠭᠤᠸ᠎ᠠ ᠰᠠᠶᠢᠬᠠᠨ ᠢ ᠤᠯᠠᠮᠵᠢᠯᠠᠨ ᠳᠡᠯᠭᠡᠷᠡᠭᠦᠯᠬᠦ ︽ᠴᠠᠢ ᠶᠢᠨ ᠡᠭᠡᠰᠢᠭᠯᠡᠯ︾᠂ ᠪᠠᠰᠠ ᠲᠡᠮᠡᠴᠡᠯ ᠤᠨ ᠵᠣᠷᠢᠭ ᠰᠠᠨᠠᠭ᠎ᠠ ᠶᠢ ᠢᠯᠡᠳᠬᠡᠬᠦ ︽ᠬᠤᠷᠴᠠ ᠤᠯᠠᠭᠠᠨ ᠴᠡᠴᠡᠭ︾ ᠪᠠᠶᠢᠵᠤ᠂ ᠵᠡᠮᠳᠡᠭᠴᠦᠳ ᠤᠨ ᠥᠪᠡᠷᠮᠢᠴᠡ ᠠᠪᠢᠶᠠᠰ ᠪᠢᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠪᠣᠯᠤᠨ ᠬᠠᠶᠢᠷ᠎ᠠ ᠰᠡᠳᠬᠢᠯᠭᠡ ᠶᠢ ᠳᠠᠮᠵᠢᠭᠤᠯᠵᠠᠢ᠃
     ᠪᠦᠬᠦ ᠲᠠᠯᠠᠪᠠᠢ ᠶᠢᠨ ᠲᠣᠭᠯᠠᠯᠲᠠ ᠬᠠᠯᠠᠭᠤᠨ ᠲᠤᠰᠬᠠᠯ ᠭᠠᠷᠴᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠴᠤᠤᠷᠢᠶᠠᠲᠤᠪᠠ᠃ ᠵᠡᠮᠳᠡᠭᠴᠦᠳ ᠤᠨ ᠰᠡᠳᠬᠢᠯ ᠢ ᠳᠣᠭᠳᠣᠯᠤᠭᠤᠯᠵᠤ᠂ ᠰᠡᠳᠬᠢᠯ ᠬᠥᠳᠡᠯᠭᠡᠮ᠎ᠡ ᠲᠣᠭᠯᠠᠯᠲᠠ ᠪᠠᠷ ᠳᠠᠮᠵᠢᠭᠤᠯᠤᠨ᠂ ᠲᠠᠳᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠢᠯᠡᠳᠬᠡᠵᠦ᠂ ᠵᠡᠮᠳᠡᠭᠴᠦᠳ ᠤᠨ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠲᠤᠰᠬᠠᠵᠤ᠂ ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠣᠣᠷᠠᠬᠢ ᠵᠣᠯ ᠵᠢᠷᠭᠠᠯᠲᠤ ᠠᠮᠢᠳᠤᠷᠠᠯ ᠢ ᠢᠯᠡᠷᠡᠭᠦᠯᠪᠡ᠃
     ᠲᠣᠰ ᠤᠳᠠᠭᠠᠨ ᠤ ᠵᠡᠮᠳᠡᠭᠴᠦᠳ ᠤᠨ ᠡᠷᠡᠭᠦᠯ ᠮᠡᠨᠳᠦ ᠶᠢᠨ ᠠᠭᠤᠰᠤᠯᠴᠠᠯ ᠤᠨ ᠤᠷᠠᠨ ᠰᠠᠶᠢᠬᠠᠨ ᠤ ᠬᠠᠮ ᠲᠣᠭᠯᠠᠯᠲᠠ ᠨᠢ ᠵᠡᠮᠳᠡᠭᠴᠦᠳ ᠤᠨ ᠥᠭᠡᠳᠡᠯᠡᠨ ᠳᠠᠪᠰᠢᠬᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠨᠠᠮ ᠳᠠᠭᠠᠨ ᠬᠠᠨᠳᠤᠬᠤ ᠡᠷᠡᠰ ᠵᠣᠷᠢᠭ ᠪᠠ ᠢᠲᠡᠭᠡᠯ ᠢ ᠬᠥᠭᠵᠢᠭᠡᠬᠦ ᠶᠢᠨ ᠲᠥᠯᠥᠭᠡ ᠪᠠᠶᠢᠵᠤ᠂ ︽ᠡᠷᠬᠡ ᠲᠡᠭᠰᠢ᠂ ᠣᠷᠣᠯᠴᠠᠬᠤ᠂ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠪᠠ᠃ ᠵᠡᠮᠳᠡᠭᠴᠦᠳ ᠤᠨ ᠲᠣᠭᠯᠠᠭᠴᠢᠳ ᠢᠯᠡᠷᠬᠡᠶᠢᠯᠡᠬᠦ ᠳᠡᠭᠡᠨ᠂ ᠣᠳᠣᠬᠠᠨ ᠤ ᠰᠠᠶᠢᠨ ᠰᠠᠶᠢᠬᠠᠨ ᠠᠮᠢᠳᠤᠷᠠᠯ ᠢᠶᠠᠨ ᠨᠠᠨᠳᠢᠩᠨᠠᠵᠤ᠂ ᠠᠮᠢᠳᠤᠷᠠᠯ ᠤᠨ ᠳᠤᠮᠳᠠᠬᠢ ᠥᠷᠢᠰᠥᠯᠳᠦᠭᠡᠨ ᠪᠠ ᠬᠦᠴᠢᠷᠳᠡᠯ ᠳᠤ ᠵᠣᠷᠢᠭᠲᠠᠶ ᠪᠠᠷ ᠬᠠᠨᠳᠤᠵᠤ᠂ ᠨᠠᠩ ᠰᠠᠶᠢᠨ ᠣᠪᠣᠷ ᠢᠶᠠᠷ ᠰᠢᠨ᠎ᠡ ᠠᠮᠢᠳᠤᠷᠠᠯ ᠢ ᠤᠭᠲᠤᠨ᠎ᠠ ᠭᠡᠵᠡᠶ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠤᠷᠠᠯᠢᠭ ᠤᠨ ᠴᠢᠳᠠᠪᠤᠷᠢᠲᠠᠨ ᠢ ᠠᠭᠤᠳᠠᠯᠬᠤ ᠪᠠᠨ ᠦᠷᠭᠦᠯᠵᠢᠯᠡᠨ ᠴᠢᠩᠭᠠᠳᠬᠠᠵᠤ᠂ ᠰᠣᠶᠣᠯ ᠢᠷᠭᠡᠨᠰᠢᠯ ᠤᠨ ᠬᠠᠯᠠᠮᠵᠢᠯᠠᠯ ᠢᠶᠠᠨ ᠳᠡᠭᠡᠭᠰᠢᠯᠡᠭᠦᠯᠵᠦ᠂ ᠵᠡᠮᠳᠡᠭᠴᠦᠳ ᠤᠨ ᠨᠡᠶᠢᠭᠡᠮ ᠳᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠰᠣᠶᠣᠯ ᠤᠨ ᠦᠢᠯᠡᠰ ᠢ ᠨᠡᠩ ᠴᠢᠨᠠᠷ ᠰᠠᠶᠢᠲᠠᠢ᠂ ᠨᠡᠩ ᠥᠷᠭᠡᠨ ᠬᠡᠪᠴᠢᠶᠡᠨ ᠳᠤ ᠬᠥᠭᠵᠢᠭᠦᠯᠬᠦ ᠶᠢ ᠠᠬᠢᠭᠤᠯᠵᠤ᠂ ᠵᠡᠮᠳᠡᠭᠴᠦᠳ ᠨᠢᠭᠡᠪᠦᠷᠢ ᠶᠢ ᠥᠪᠡᠷ ᠢ ᠪᠠᠨ ᠢᠯᠡᠷᠡᠭᠦᠯᠬᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ ᠳᠡᠭᠡᠷ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号