ᠢᠦᠢ ᠴᠢᠤᠸᠠᠨ ᠲᠣᠭᠤᠷᠢᠭ ︽ᠠᠳᠠᠯ ᠠᠬᠤᠢ ᠶᠢᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾ ᠰᠢᠷᠢᠰ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/11/28
     ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠯᠭᠡ ᠶᠢᠨ ᠪᠦᠲᠦᠴᠡ ᠶᠢ ᠲᠡᠭᠦᠯᠳᠡᠷᠵᠢᠭᠦᠯᠦᠨ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 11 ᠳ᠋ᠤᠭᠡᠷ ᠰᠠᠷ᠎ᠠ ᠶᠢᠨ 26 ᠤ ᠡᠳᠦᠷ᠂ ᠢᠦᠶ ᠴᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠠᠳᠠᠯ ᠠᠬᠤᠶ ᠶᠢᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾ ᠰᠢᠷᠢᠰ ᠪᠣᠯᠪᠠᠰᠤᠷᠠᠯ ᠤᠨ ᠠᠩᠭᠢ ᠡᠷᠭᠢᠯᠡᠪᠡ᠃
     ᠠᠩᠬᠠᠳᠠᠭᠴᠢ ᠤᠳᠠᠭᠠᠨ ᠤ ᠪᠣᠯᠪᠠᠰᠤᠷᠠᠯ ᠢ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠣᠲᠣ ᠦᠶ᠎ᠡ ᠶᠢᠨ ᠠᠳᠠᠯ ᠠᠬᠤᠶ ᠶᠢᠨ ᠦᠢᠯᠡᠴᠢᠯᠡᠭᠡ ᠬᠢᠭᠡᠳ ᠥᠯᠥ ᠬᠥᠳᠡᠯᠬᠦ ᠬᠥᠷᠥᠩᠭᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠠᠩ ᠠᠨ ᠬᠤᠩ ᠪᠠᠭᠰᠢ ᠠᠴᠠ ᠬᠢᠴᠢᠶᠡᠯᠯᠡᠪᠡ᠃ ᠵᠠᠩ ᠪᠠᠭᠰᠢ ︽ᠢᠷᠭᠡᠨ ᠤ ᠬᠠᠤᠯᠢ ᠶᠢᠨ ᠪᠢᠴᠢᠭ︾ ᠢᠶᠠᠷ ᠭᠠᠷᠳᠠᠬᠤ ᠴᠡᠭ ᠪᠣᠯᠭᠠᠵᠤ᠂ ᠠᠳᠠᠯ ᠠᠬᠤᠢ ᠶᠢᠨ ᠠᠵᠢᠯ ᠲᠥᠷᠥᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠲᠤᠬᠠᠶ ᠶᠢᠨ ᠲᠠᠯᠠᠪᠤᠷ ᠲᠤ ᠦᠢᠯᠡᠳᠦᠯᠴᠡᠬᠦ ᠬᠡᠯᠪᠡᠷᠢ ᠪᠠᠷ ᠳᠠᠮᠵᠢᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ᠂ ᠬᠡᠷ ᠪᠠᠶᠢᠰᠢᠩ ᠤᠨ ᠠᠳᠠᠯ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠥᠮᠴᠢᠲᠡᠨ ᠤ ᠡᠷᠬᠡ ᠠᠰᠢᠭ᠂ ᠠᠳᠠᠯ ᠠᠬᠤᠢ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠢᠭᠡᠳ ᠨᠢᠭᠡ ᠪᠠᠷ ᠲᠠᠶᠢᠯᠪᠤᠷᠢᠯᠠᠪᠠ᠃ ᠪᠣᠯᠪᠠᠰᠤᠷᠠᠯ ᠳᠤ ᠣᠷᠣᠯᠴᠠᠭᠰᠠᠳ ᠲᠤ ᠠᠳᠠᠯ ᠠᠬᠤᠶ ᠶᠢᠨ ᠦᠢᠯᠡᠴᠢᠯᠡᠭᠡᠨ ᠤ ᠳᠤᠮᠳᠠ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠲᠠᠨᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃      ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ ᠰᠥᠩ ᠵᠢᠩ ᠰᠢᠶᠤᠤ ᠲᠠᠨᠢᠯᠴᠠᠭᠤᠯᠬᠤ ᠳᠤ ᠪᠠᠨ᠄ ︽ᠲᠣᠰ ᠤᠳᠠᠭᠠᠨ ᠤ ᠪᠣᠯᠪᠠᠰᠤᠷᠠᠯ ᠢ ᠡᠷᠭᠢᠯᠡᠬᠦ ᠶᠢᠨ ᠵᠣᠷᠢᠯᠭ᠎ᠠ ᠨᠢ ᠢᠦᠶ ᠴᠢᠤᠸᠠᠨ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠥᠷᠪᠡᠨ ᠲᠠᠯᠠᠪᠤᠷ ᠰᠢᠷᠢᠰ ᠪᠣᠯᠪᠠᠰᠤᠷᠠᠯ ᠢᠶᠠᠷ ᠳᠡᠮᠵᠢᠨ᠂ ᠠᠶᠤᠯᠭᠦᠶ ᠦᠢᠯᠡᠳᠪᠦᠷᠢᠯᠡᠯ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠪᠤᠷᠢᠯᠠᠯᠲᠠ᠂ ᠥᠮᠴᠢᠲᠡᠨ ᠤ ᠶᠡᠭᠡ ᠬᠤᠷᠠᠯ ᠢ ᠪᠠᠶᠢᠭᠤᠯᠬᠤ ᠪᠠ ᠥᠮᠴᠢᠲᠡᠨ ᠤ ᠵᠥᠪᠯᠡᠯ ᠠᠴᠠ ᠬᠡᠳᠦᠨ ᠲᠠᠯ᠎ᠠ ᠶᠢ ᠰᠣᠩᠭᠤᠵᠤ᠂ ᠮᠠᠨ ᠤ ᠲᠤᠭᠤᠷᠢᠭ ᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠥᠮᠦᠰ ᠢ ᠵᠢᠯᠣᠭᠤᠳᠬᠤ ᠪᠠ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯᠯᠠᠭᠰᠠᠳ ᠤᠨ ᠲᠤᠬᠠᠶᠢᠯᠠᠭᠰᠠᠨ ᠠᠵᠢᠯ ᠪᠠ ᠬᠡᠪ ᠴᠢᠨᠠᠷ ᠤᠨ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢᠨ ᠲᠥᠯᠥᠭᠡ ᠶᠤᠮ︾ ᠭᠡᠵᠡᠶ᠃      ︽ᠵᠢᠵᠢᠭ ᠠᠳᠠᠯ ᠠᠬᠤᠶ︾ ᠨᠢ ︽ᠠᠷᠠᠳ ᠤᠨ ᠠᠮᠢᠳᠤᠷᠠᠯ︾ ᠲᠠᠢ ᠬᠤᠯᠪᠣᠭᠳᠠᠨ᠎ᠠ᠂ ᠢᠦᠶ ᠴᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠣᠯᠠᠨ ᠲᠠᠯ᠎ᠠ ᠪᠠᠷ ᠣᠷᠣᠯᠴᠠᠬᠤ᠂ ᠡᠮᠦᠨ᠎ᠡ ᠦᠵᠦᠭᠦᠷ ᠠᠴᠠ ᠠᠷᠢᠯᠭᠠᠬᠤ ᠰᠡᠳᠬᠢᠮᠵᠢ ᠶᠢ ᠪᠠᠷᠢᠮᠲᠠᠯᠠᠨ᠂ ᠠᠳᠠᠯ ᠠᠬᠤᠶ ᠶᠢᠨ ᠵᠢᠭᠤᠷᠠᠯᠳᠤᠭᠠᠨ ᠢ ᠠᠷᠢᠯᠭᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠠ ᠳ᠋ᠦᠩᠨᠡᠵᠦ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠳᠤ ᠨᠠᠩ ᠶᠡᠭᠡ ᠴᠢᠷᠮᠠᠶᠢᠯᠭ᠎ᠠ ᠭᠠᠷᠭᠠᠬᠤ ᠪᠣᠯᠤᠨ᠎ᠠ᠃                ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号