ᠬᠤᠮᠰᠢᠮ ᠪᠣᠳᠢᠰᠠᠳ᠋ᠸ᠎ᠠ ᠶᠢᠨ ᠰᠦᠮ᠎ᠡ ᠶᠢᠨ ᠨᠡᠶᠢᠭᠡᠮ ᠲᠣᠭᠤᠷᠢᠭ ᠬᠤᠪᠠᠨᠴᠢᠷ ᠯᠣᠩᠬᠤ ᠶᠢ ᠬᠤᠸᠠᠷ ᠤᠨ ᠯᠣᠩᠬᠤ ᠪᠤᠯᠭᠠᠨ ᠦᠭᠡᠷᠡᠴᠢᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/11/29
     ᠰᠤᠷᠤᠭᠴᠢᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠬᠦᠮᠦᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠲᠠᠢ ᠪᠤᠯᠭᠠᠬᠤ ᠶᠢᠨ ᠲᠦᠯᠦᠭᠡ᠂  ᠤᠶᠢᠷ᠎ᠠ ᠶᠢᠨ ᠡᠳᠦᠷ᠂ ᠬᠤᠮᠰᠢᠮ ᠪᠣᠳᠢᠰᠠᠳ᠋ᠸ᠎ᠠ ᠶᠢᠨ ᠰᠦᠮ᠎ᠡ ᠶᠢᠨ ᠨᠡᠶᠢᠭᠡᠮ ᠲᠣᠭᠤᠷᠢᠭ ᠬᠦᠩ ᠢ ᠳ᠋ᠢᠶᠠᠨ ᠪᠠᠭ᠎ᠠ ᠰᠤᠷᠭᠠᠭᠤᠯᠢ ᠳᠤ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠤᠷᠠᠨ ᠠᠷᠭ᠎ᠠ︾ ᠬᠤᠪᠠᠨᠴᠢᠷ ᠯᠣᠩᠬᠤ ᠶᠢ ᠬᠤᠸᠠᠷ ᠤᠨ ᠯᠣᠩᠬᠤ ᠪᠤᠯᠭᠠᠨ ᠦᠢᠯᠡᠳᠬᠦ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠪᠠᠭᠰᠢ ᠨᠠᠷ ᠡᠩ ᠲᠡᠷᠢᠭᠦᠨ ᠳᠤ ᠠᠮᠢᠳᠤᠯᠢᠭ ᠪᠥᠭᠡᠳ ᠰᠣᠨᠢᠷᠬᠠᠯᠲᠠᠶ PPT ᠪᠠ ᠸᠢᠳᠢᠣ᠋ ᠪᠠᠷ ᠳᠠᠮᠵᠢᠭᠤᠯᠤᠨ᠂ ᠰᠤᠷᠤᠭᠴᠢᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠬᠠᠶᠠᠭᠳᠠᠮᠠᠯ ᠬᠤᠪᠠᠨᠴᠢᠷ  ᠯᠣᠩᠬᠤ ᠶᠢ ᠡᠭᠡᠭᠦᠯᠦᠨ ᠬᠤᠷᠢᠶᠠᠵᠤ ᠠᠰᠢᠭᠯᠠᠬᠤ ᠦᠨ᠎ᠡ ᠥᠷᠲᠡᠭ ᠵᠢᠴᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠭᠤᠤᠯᠳᠠᠯᠭ᠎ᠠ ᠲᠠᠢ ᠲᠠᠨᠢᠯᠴᠠᠭᠤᠯᠪᠠ᠃ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠢᠳᠡᠪᠬᠢᠲᠡᠶ ᠪᠠᠷ ᠠᠰᠠᠭᠤᠯᠲᠠ ᠬᠠᠷᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠠᠶ᠃
     ᠳᠠᠷᠠᠭ᠎ᠠ ᠨᠢ᠂ ᠪᠠᠭᠰᠢ ᠶᠢᠨ ᠵᠢᠱᠢᠶ᠎ᠡ ᠦᠵᠡᠭᠦᠯᠬᠦ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠥᠪᠡᠷ ᠤᠨ ᠰᠡᠳᠬᠢᠨ ᠪᠣᠳᠣᠬᠤ ᠴᠢᠳᠠᠪᠤᠷᠢ ᠪᠣᠯᠤᠨ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠠᠶᠠᠭᠳᠠᠭᠰᠠᠨ ᠬᠤᠪᠠᠨᠴᠢᠷ ᠯᠣᠩᠬᠤ ᠶᠢ ᠥᠪᠡᠷᠮᠢᠴᠡ ᠪᠦᠲᠦᠭᠡᠯᠴᠢ ᠬᠤᠸᠠᠷ ᠤᠨ ᠯᠣᠩᠬᠤ ᠪᠣᠯᠭᠠᠨ ᠥᠭᠡᠷᠡᠴᠢᠯᠡᠪᠡ᠃ ᠤᠯᠠᠨ ᠢᠶᠠᠷ ᠢᠶᠠᠨ ᠭᠤᠷᠪᠠ ᠲᠠᠪᠤ ᠪᠠᠷ ᠪᠦᠷᠢᠯᠳᠦᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠠᠢ᠃ ᠨᠢᠭᠡ ᠤᠳᠠᠭᠠᠨ ᠤ ᠴᠢᠷᠮᠠᠶᠢᠯᠭ᠎ᠠ ᠪᠠᠷ ᠳᠠᠮᠵᠢᠨ᠂ ᠤᠤᠯ ᠨᠢ ᠬᠠᠶᠠᠭᠳᠠᠬᠤ ᠭᠡᠵᠦ ᠪᠠᠶᠢᠭᠰᠠᠨ ᠬᠤᠪᠠᠨᠴᠢᠷ ᠯᠣᠩᠬᠤ ᠶᠢ ᠭᠤᠶᠢᠳᠠ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠪᠣᠯᠭᠠᠨ ᠬᠤᠪᠢᠷᠠᠭᠤᠯᠵᠠᠶ᠃
     ᠲᠣᠰ ᠤᠳᠠᠭᠠᠨ ᠤ ᠠᠵᠢᠯᠯᠠᠭ᠎ᠠ ᠨᠢ ᠬᠤᠭ ᠨᠣᠪᠰᠢ ᠶᠢ ᠲᠥᠷᠥᠯ ᠬᠤᠪᠢᠶᠠᠬᠤ ᠬᠥᠮᠦᠵᠢᠯ ᠪᠠ ᠦᠢᠯᠡᠳᠦᠯᠭᠡ ᠶᠢ ᠤᠶᠠᠯᠳᠤᠭᠤᠯᠬᠤ ᠪᠠᠷ ᠳᠠᠮᠵᠢᠭᠤᠯᠤᠨ᠂ ᠰᠤᠷᠤᠭᠴᠢᠳ ᠲᠤ ᠭᠠᠷ ᠤᠷᠠᠯᠠᠯ ᠤᠨ ᠪᠠᠶᠠᠷ ᠪᠠᠭ᠋ᠠᠳᠤᠯ ᠢ ᠣᠶᠢᠯᠠᠭᠠᠭᠤᠯᠬᠤ ᠪᠠᠷ ᠪᠠᠷᠠᠬᠤ ᠥᠬᠡᠶ᠂ ᠨᠠᠩ ᠴᠤ ᠥᠯᠥ ᠮᠡᠳᠡᠭᠳᠡᠬᠦ ᠶᠢᠨ ᠳᠤᠮᠳᠠ ᠲᠡᠳᠡᠨ ᠤ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠰᠣᠨᠢᠷᠬᠠᠯ ᠤᠨ ᠬᠡᠯᠪᠡᠷᠢ ᠪᠠᠷ ᠣᠷᠴᠢᠨ ᠲᠣᠭᠤᠷᠢᠨ ᠢ ᠬᠠᠮᠠᠭᠠᠯᠠᠬᠤ ᠤᠶᠢᠯᠠᠭᠠᠭᠳᠠᠬᠤᠨ ᠢ ᠬᠡᠦᠬᠡᠳ ᠤᠨ ᠰᠡᠳᠭᠢᠯ ᠳᠤ ᠦᠨᠳᠦᠰᠦᠯᠡᠭᠦᠯᠪᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号