ᠵᠢᠯ ᠤᠨ ᠳᠥᠷᠪᠡᠨ ᠤᠯᠠᠷᠢᠯ ᠳᠤ ᠨᠠᠮᠤᠷ ᠪᠣᠯ ᠨᠢᠭᠡᠨ ᠲᠦᠢᠯ ᠤᠨ ᠴᠢᠬᠤᠯᠠ ᠪᠡᠶ᠎ᠡ ᠰᠤᠪᠢᠯᠠᠯᠲᠠ ᠶᠢᠨ ᠤᠯᠠᠷᠢᠯ | ᠪᠣᠯᠣᠨ᠎ᠠ᠂ ᠤᠴᠢᠷ ᠨᠢ ᠬᠦᠢᠲᠡᠨ ᠰᠢᠭᠦᠳᠡᠷᠢ ᠥᠩᠭᠡᠷᠡᠭᠰᠡᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠬᠡᠨ ᠪᠣᠯᠤᠭᠰᠠᠨ | ᠴᠤ᠂ ᠪᠦᠭᠦ ᠪᠡᠶ᠎ᠡ ᠮᠠᠰᠢ ᠠᠮᠠᠷᠬᠠᠨ ᠲᠠᠮᠢᠷ ᠲᠡᠩᠬᠡᠭᠡ ᠦᠭᠡᠢ ᠪᠤᠯᠬᠤ ᠪᠠ ᠵᠠᠯᠬᠠᠭᠤᠷᠠᠬᠤ ᠲᠥᠷᠥᠭᠳᠡᠯ ᠣᠷᠣᠳᠠᠭ ᠶᠤᠮ᠃ | ᠬᠡᠷᠪᠡ ᠡᠨᠡ ᠦᠶ᠎ᠡ ᠳᠤ ᠬᠠᠮᠢᠶ᠎ᠠ ᠪᠦᠬᠦᠢ ᠪᠡᠶ᠎ᠡ ᠰᠤᠪᠢᠯᠠᠯᠲᠠ ᠶᠢᠨ ᠠᠵᠢᠯ ᠢ ᠰᠠᠶᠢᠲᠤᠷ ᠬᠢᠵᠦ ᠴᠢᠳᠠᠪᠠᠯ ᠪᠡᠶ᠎ᠡ | ᠮᠠᠬᠠᠪᠤᠳ ᠢᠶᠠᠨ ᠰᠠᠶᠢᠬᠠᠨ ᠲᠣᠬᠢᠷᠠᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢᠶᠠᠨ ᠤᠯᠠᠮ | ᠴᠢᠭᠢᠷᠠᠭᠵᠢᠭᠤᠯᠵᠤ ᠴᠢᠳᠠᠨ᠎ᠠ᠃ | 1. ᠢᠳᠡᠭᠡᠨ ᠤᠮᠳᠠᠭᠠᠨ ᠤᠰᠤᠯᠢᠭ ᠰᠢᠮᠡᠯᠢᠭ ᠪᠠᠶᠢᠬᠤ ᠬᠡᠷᠡᠭᠲᠡᠢ | ᠠᠭᠤᠷ ᠠᠮᠢᠰᠬᠤᠯ ᠬᠠᠭᠤᠷᠠᠢ ᠪᠣᠯᠪᠠᠯ ᠠᠭᠤᠰᠬᠢ ᠶᠢ ᠠᠮᠠᠷᠬᠠᠨ ᠭᠡᠮᠲᠦᠭᠡᠵᠦ᠂ ᠪᠡᠶ᠎ᠡ ᠶᠢᠨ ᠰᠢᠩᠭᠡᠨ ᠢ | ᠠᠮᠠᠷᠬᠠᠨ ᠬᠤᠷᠣᠭᠳᠠᠭᠤᠯᠵᠤ᠂ ᠪᠡᠶ᠎ᠡ ᠮᠠᠬᠠᠪᠤᠳ ᠬᠠᠳᠠᠵᠤ ᠰᠢᠷᠭᠢᠭᠰᠡᠨ ᠮᠡᠲᠦ ᠪᠤᠯᠳᠠᠭ᠃ ᠡᠶᠢᠮᠦ ᠠᠴᠠ ︽ | ᠨᠠᠮᠤᠷ ᠤᠨ ᠤᠯᠠᠷᠢᠯ ᠳᠤ ᠪᠢᠯᠢᠭ ᠢ ᠲᠡᠵᠢᠭᠡᠬᠦ︾ ᠶᠢ ᠵᠢᠷᠤᠮᠯᠠᠵᠤ᠂ ᠪᠢᠯᠢᠭ ᠢ ᠰᠢᠮᠡᠵᠢᠭᠦᠯᠵᠦ ᠬᠠᠭᠤᠷᠠᠢ ᠶᠢ | ᠵᠥᠭᠡᠯᠡᠷᠡᠭᠦᠯᠬᠦ᠂ ᠠᠭᠤᠰᠬᠢ ᠶᠢ ᠰᠢᠮᠡᠵᠢᠭᠦᠯᠬᠦ᠂ ᠬᠠᠯᠠᠭᠤᠨ ᠢ ᠠᠷᠢᠯᠭᠠᠵᠤ ᠬᠠᠯᠠᠭᠤᠨ ᠢ ᠪᠠᠭᠤᠷᠠᠭᠤᠯᠬᠤ ᠢᠳᠡᠰᠢ ᠶᠢ | ᠰᠣᠩᠭᠤᠬᠤ ᠬᠡᠷᠡᠭᠲᠡᠢ᠂ ᠵᠢᠱᠢᠶᠡᠯᠡᠪᠡᠯ ᠮᠥᠩᠭᠦᠨ ᠳᠡᠯᠳᠡᠦ᠂ ᠪᠠᠯ᠂ ᠮᠠᠭᠠᠵᠢ᠂ ᠪᠤᠷᠴᠠᠭ ᠤᠨ ᠵᠤᠲᠠᠩ᠂ ᠯᠢᠩᠬᠸ᠎ᠠ ᠶᠢᠨ | ᠦᠨᠳᠦᠰᠦ᠂ ᠬᠤᠰᠢᠭ᠎ᠠ᠂ ᠯᠣᠬᠠᠱᠧᠩ᠂ ᠨᠤᠭᠤᠰᠤᠨ ᠥᠨᠳᠡᠭᠡ᠂ ᠥᠷᠭᠡᠰᠦᠲᠦ ᠨᠣᠭᠤᠭ᠎ᠠ᠂ ᠯᠤᠤᠪᠠᠩ᠂ ᠠᠷᠤᠷ᠎ᠠ᠂ | ᠠᠯᠢᠮ᠎ᠠ᠂ ᠨᠢᠰᠢᠩᠭᠦ ᠵᠡᠷᠭᠡ᠃ | ᠠᠮᠠ ᠬᠠᠲᠠᠬᠤ᠂ ᠤᠮᠳᠠᠭᠠᠰᠬᠤ᠂ ᠬᠤᠭᠤᠯᠠᠢ ᠬᠠᠪᠤᠳᠴᠤ ᠡᠪᠡᠳᠬᠦ ᠵᠡᠷᠭᠡ ᠰᠢᠨᠵᠢ ᠲᠡᠮᠳᠡᠭ ᠢᠯᠡᠷᠡᠬᠦ | ᠦᠶ᠎ᠡ ᠳᠤ ᠰᠠᠷᠠᠨ᠎ᠠ᠂ ᠪᠣᠭᠤᠨᠢ ᠰᠠᠷᠠᠨ᠎ᠠ ᠶᠢᠨ ᠦᠨᠳᠦᠰᠦ᠂ ᠴᠢᠨ᠋ᠸ᠎ᠠ ᠶᠢᠨ ᠬᠠᠷᠮᠠᠭ ᠢ ᠤᠰᠤᠨ ᠳᠤ ᠳᠡᠪᠲᠦᠭᠡᠵᠦ | ᠤᠤᠭᠤᠵᠤ ᠪᠣᠯᠣᠨ᠎ᠠ᠃ ᠨᠠᠰᠤᠲᠠᠶᠢᠴᠤᠳ ᠤᠨ ᠠᠷᠠᠰᠤ ᠵᠠᠭᠠᠲᠤᠨᠠᠬᠤ ᠨᠢ ᠣᠯᠠᠩᠬᠢ ᠳᠠᠭᠠᠨ ᠬᠡᠢ ᠴᠢᠰᠤ | ᠳᠤᠲᠠᠭᠳᠠᠭᠰᠠᠨ ᠠᠴᠠ ᠪᠣᠯᠤᠭᠰᠠᠨ ᠶᠤᠮ᠂ ᠢᠳᠡᠭᠡᠨ ᠤᠮᠳᠠᠭᠠᠨ ᠤ ᠵᠠᠰᠠᠯ ᠳᠡᠭᠡᠷ᠎ᠡ ᠴᠢᠪᠠᠭ᠎ᠠ᠂ ᠴᠢᠨ᠋ᠸ᠎ᠠ ᠶᠢᠨ ᠬᠠᠷᠮᠠᠭ᠂ | ᠰᠠᠷᠠᠨ᠎ᠠ᠂ ᠨᠠᠩᠭᠢ ᠴᠠᠭᠠᠨ ᠵᠡᠷᠭᠡ ᠶᠢᠨ ᠬᠡᠢ ᠴᠢᠰᠤ ᠶᠢ ᠨᠥᠬᠦᠬᠦ ᠢᠳᠡᠭᠡᠨ ᠢ ᠵᠣᠬᠢᠰᠲᠠᠢ ᠰᠣᠩᠭᠤᠵᠤ ᠪᠣᠯᠣᠨ᠎ᠠ᠃ | ᠠᠯᠢᠮ᠎ᠠ ᠪᠣᠯ ᠨᠠᠮᠤᠷ ᠤᠨ ᠤᠯᠠᠷᠢᠯ ᠳᠤ ᠠᠭᠤᠰᠬᠢ ᠶᠢ ᠵᠥᠭᠡᠯᠡᠯᠡᠬᠦ ᠬᠠᠮᠤᠭ ᠰᠠᠶᠢᠨ ᠵᠢᠮᠢᠰ ᠮᠥᠨ᠃ | ᠬᠡᠦᠬᠡᠳ ᠤᠨ ᠬᠤᠳᠣᠭᠤᠳᠤ ᠳᠡᠯᠢᠭᠦᠦ ᠮᠠᠭᠤ᠂ ᠨᠠᠰᠤᠨ ᠳᠤ ᠭᠦᠷᠦᠭᠰᠡᠳ ᠤᠨ ᠪᠡᠶ᠎ᠡ ᠨᠢ ᠬᠦᠢᠲᠡᠨ ᠵᠡᠷᠭᠡ ᠳᠤ ᠬᠠᠮᠤᠭ | ᠰᠠᠶᠢᠨ ᠨᠢ ᠵᠢᠩᠨᠡᠵᠦ ᠢᠳᠡᠨ᠎ᠡ᠂ ᠪᠠᠰᠠ ᠠᠯᠢᠮ᠎ᠠ ᠶᠢᠨ ᠰᠢᠭᠦᠰᠦ ᠴᠢᠨᠠᠵᠤ ᠤᠤᠭᠤᠵᠤ ᠪᠣᠯᠣᠨ᠎ᠠ᠃ | 2. ᠠᠭᠤᠰᠬᠢ ᠶᠢ ᠲᠡᠵᠢᠭᠡᠬᠦ ᠳᠤ ᠪᠡᠶ᠎ᠡ ᠪᠠᠨ ᠬᠥᠳᠡᠯᠭᠡᠬᠦ ᠬᠡᠷᠡᠭᠲᠡᠢ | ᠤᠯᠠᠷᠢᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠬᠤ ᠶᠢᠨ ᠲᠥᠯᠥᠭᠡ᠂ ᠵᠣᠬᠢᠰᠲᠠᠢ ᠪᠣᠯᠪᠠᠰᠤᠷᠠᠵᠤ᠂ | ᠠᠭᠤᠰᠬᠢᠨ ᠤ ᠬᠡᠢ ᠶᠢ ᠲᠣᠬᠢᠷᠠᠭᠤᠯᠤᠨ᠂ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠵᠠᠷᠢᠮ ᠬᠦᠴᠢᠯᠲᠥ᠋ᠷᠥᠭᠴᠢᠲᠦ ᠬᠥᠳᠡᠯᠭᠡᠭᠡᠨ ᠢ ᠬᠢᠬᠦ ᠬᠡᠷᠡᠭᠲᠡᠢ᠂ ᠢᠳᠡᠷ ᠵᠠᠯᠠᠭᠤ ᠬᠥᠮᠥᠨ ᠠᠭᠤᠯᠠ | ᠠᠪᠠᠷᠢᠬᠤ ᠬᠥᠳᠡᠯᠭᠡᠭᠡᠨ ᠢ ᠰᠣᠩᠭᠤᠵᠤ᠂ ᠠᠭᠤᠰᠬᠢᠨ ᠤ ᠠᠮᠢᠰᠬᠤᠯ ᠤᠨ ᠪᠠᠭᠲᠠᠭᠠᠮᠵᠢ ᠶᠢ ᠨᠡᠮᠡᠭᠳᠡᠭᠦᠯᠦᠨ᠂ | ᠴᠢᠰᠤᠨ ᠤ ᠡᠷᠭᠢᠯᠲᠡ ᠶᠢ ᠲᠦᠷᠭᠡᠳᠬᠡᠵᠦ᠂ ᠬᠤᠣᠷᠲᠤ ᠡᠳ᠋ ᠢ ᠭᠠᠳᠠᠭᠰᠢᠯᠠᠭᠤᠯᠬᠤ ᠳᠤ ᠠᠰᠢᠭᠲᠠᠢ ᠪᠣᠯᠭᠠᠨ᠎ᠠ᠃ | ᠨᠠᠰᠤᠲᠠᠶᠢᠴᠤᠳ ᠨᠡᠷᠡᠬᠦᠢ ᠨᠢᠳᠤᠷᠭ᠎ᠠ ᠪᠣᠯᠪᠠᠰᠤᠷᠠᠬᠤ ᠨᠢ ᠳᠥᠷᠪᠡᠨ ᠮᠥᠴᠢ ᠶᠢ ᠳᠡᠯᠭᠡᠨ ᠬᠡᠢ ᠴᠢᠰᠤ ᠶᠢ | ᠨᠡᠪᠲᠡᠷᠡᠭᠦᠯᠦᠨ᠎ᠡ᠃ | ᠬᠢᠲᠠᠳ ᠡᠮᠨᠡᠯᠭᠡ ᠳᠤ ᠨᠠᠮᠤᠷ ᠪᠣᠯ ᠲᠠᠪᠤᠨ ᠮᠠᠬᠠᠪᠤᠳ ᠤᠨ ᠠᠯᠲᠠ ᠳᠤ ᠬᠠᠷᠢᠶᠠᠯᠠᠭᠳᠠᠨ᠎ᠠ᠂ ᠠᠯᠲᠠ ᠨᠢ | ᠠᠭᠤᠰᠬᠢ ᠲᠠᠢ ᠵᠣᠬᠢᠴᠠᠨ᠎ᠠ᠂ ᠡᠶᠢᠮᠦ ᠠᠴᠠ ᠠᠭᠤᠰᠬᠢᠨ ᠤ ᠬᠡᠢ ᠪᠠᠭᠤᠷᠠᠢ ᠬᠥᠮᠥᠰ ᠨᠠᠮᠤᠷ ᠤᠨ ᠤᠯᠠᠷᠢᠯ ᠳᠤ ᠠᠮᠠᠷᠬᠠᠨ | ᠵᠠᠷᠢᠮ ᠠᠭᠤᠰᠬᠢᠨ ᠰᠢᠰᠲ᠋ᠧᠮ ᠤᠨ ᠡᠪᠡᠳᠴᠢᠨ ᠵᠢᠱᠢᠶᠡᠯᠡᠪᠡᠯ᠂ ᠲᠠᠭᠰᠢᠭᠤᠷ᠂ ᠬᠠᠨᠢᠶᠠᠳᠤ᠂ ᠠᠭᠰᠠᠭ᠎ᠠ ᠵᠡᠷᠭᠡ | ᠪᠣᠯᠣᠨ᠎ᠠ᠃ ᠬᠤᠭᠤᠯᠠᠢ ᠬᠠᠪᠤᠳᠴᠤ ᠡᠪᠡᠳᠬᠦ᠂ ᠬᠠᠲᠠᠬᠤ᠂ ᠰᠥᠭᠡᠩᠭᠢᠳᠡᠭᠦ ᠵᠡᠷᠭᠡ ᠡᠪᠡᠳᠴᠢᠨ ᠤ ᠰᠢᠨᠵᠢ ᠢᠯᠡᠷᠡᠵᠦ᠂ | ᠬᠡᠷᠪᠡ ᠪᠢᠯᠢᠭ ᠪᠠᠷᠠᠭᠳᠠᠵᠤ ᠠᠭᠤᠰᠬᠢ ᠬᠠᠭᠤᠷᠠᠶᠢᠳᠠᠬᠤ ᠵᠠᠯᠭᠢᠭᠤᠷ ᠲᠥᠪᠥᠩᠬᠡᠢ ᠶᠢᠨ ᠦᠷᠪᠢᠰᠦᠯ ᠳᠤ | ᠲᠣᠭᠠᠴᠠᠭᠳᠠᠪᠠᠯ᠂ ᠪᠠᠯ ᠲᠠᠢ ᠯᠢᠩᠬᠸ᠎ᠠ ᠶᠢᠨ ᠰᠢᠭᠦᠰᠦ ᠲᠣᠬᠢᠷᠠᠭᠤᠯᠵᠤ ᠤᠤᠭᠤᠪᠠᠯ ᠰᠠᠶᠢᠨ᠃ ᠪᠠᠯ ᠨᠢ ᠬᠠᠭᠤᠷᠠᠢ ᠶᠢ | ᠵᠥᠭᠡᠯᠡᠷᠡᠭᠦᠯᠬᠦ᠂ ᠪᠢᠯᠢᠭ ᠢ ᠰᠢᠮᠡᠵᠢᠭᠦᠯᠵᠦ ᠵᠢᠰᠦ ᠭᠤᠶᠣᠯᠠᠬᠤ᠂ ᠳᠠᠷᠤᠯᠲᠠ ᠶᠢ ᠪᠠᠭᠤᠷᠠᠭᠤᠯᠤᠨ ᠬᠤᠷᠭᠤᠰᠤᠯᠠᠬᠤ ᠶᠢ | ᠵᠠᠰᠠᠳᠠᠭ᠂ ᠯᠢᠩᠬᠸ᠎ᠠ ᠶᠢᠨ ᠦᠨᠳᠦᠰᠦ ᠨᠢ ᠬᠠᠷᠢᠨ ᠬᠠᠯᠠᠭᠤᠨ ᠢ ᠠᠷᠢᠯᠭᠠᠵᠤ ᠴᠢᠰᠤ ᠶᠢ ᠰᠡᠷᠢᠭᠦᠴᠡᠭᠦᠯᠬᠦ᠂ ᠰᠡᠳᠬᠢᠯ | ᠰᠠᠨᠠᠭ᠎ᠠ ᠶᠢ ᠲᠠᠶᠢᠪᠤᠰᠢᠷᠠᠭᠤᠯᠬᠤ ᠦᠢᠯᠡᠳᠦᠯ ᠲᠠᠢ ᠲᠤᠯᠠ ᠯᠢᠩᠬᠸ᠎ᠠ ᠶᠢᠨ ᠦᠨᠳᠦᠰᠦ 500 ᠭᠷᠡᠮ᠂ ᠵᠥᠭᠡᠢ ᠶᠢᠨ ᠪᠠᠯ | 20 ᠭᠷᠡᠮ ᠢ ᠠᠪᠴᠤ᠂ ᠤᠷᠢᠳ ᠢᠶᠠᠷ ᠰᠢᠨ᠎ᠡ ᠰᠣᠷᠭᠤᠭ ᠯᠢᠩᠬᠸ᠎ᠠ ᠶᠢᠨ ᠦᠨᠳᠦᠰᠦ ᠶᠢ ᠤᠬᠢᠶᠠᠵᠤ ᠴᠡᠪᠡᠷᠯᠡᠭᠰᠡᠨ ᠤ | ᠳᠠᠷᠠᠭ᠎ᠠ ᠰᠢᠭᠦᠰᠦ ᠪᠣᠯᠭᠠᠨ ᠰᠢᠬᠠᠵᠤ᠂ ᠳᠠᠭᠢᠨ ᠪᠠᠯ ᠬᠢᠵᠦ ᠤᠤᠭᠤᠵᠤ ᠪᠣᠯᠣᠨ᠎ᠠ᠃ | 3. ᠠᠷᠭ᠎ᠠ ᠶᠢ ᠲᠡᠵᠢᠭᠡᠬᠦ ᠳᠤ ᠳᠤᠯᠠᠭᠠᠨ ᠢ ᠠᠩᠬᠠᠷᠬᠤ ᠬᠡᠷᠡᠭᠲᠡᠢ | ᠨᠠᠮᠤᠷ ᠪᠣᠯᠪᠠᠯ ᠠᠷᠭ᠎ᠠ ᠬᠡᠢ ᠠᠭᠠᠵᠢᠮ ᠢᠶᠠᠷ ᠬᠤᠷᠢᠶᠠᠭᠳᠠᠵᠤ᠂ ᠪᠢᠯᠢᠭ ᠬᠡᠢ ᠠᠭᠠᠵᠢᠮ ᠢᠶᠠᠷ ᠣᠷᠳᠣ ᠪᠤᠯᠳᠠᠭ᠂ | ᠭᠠᠭᠴᠠ ᠬᠦ ᠠᠷᠭ᠎ᠠ ᠬᠡᠢ ᠶᠢ ᠭᠦᠢᠴᠡᠳ ᠲᠥᠪᠯᠡᠷᠡᠭᠦᠯᠪᠡᠯ ᠰᠠᠶ᠋ᠢ ᠡᠪᠦᠯ ᠤᠨ ᠬᠦᠢᠲᠡᠨ ᠠᠴᠠ ᠠᠶᠤᠬᠤ ᠦᠭᠡᠢ | ᠪᠠᠶᠢᠳᠠᠭ᠃ ᠠᠷᠭ᠎ᠠ ᠬᠡᠢ ᠶᠢ ᠬᠤᠷᠢᠶᠠᠬᠤ ᠳᠤ ᠠᠷᠤ ᠨᠢᠷᠤᠭᠤ ᠶᠢ ᠳᠤᠯᠠᠭᠠᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ | ᠤᠨᠲᠠᠬᠤ ᠳᠠᠭᠠᠨ ᠴᠣᠩᠬᠤ ᠪᠠᠨ ᠬᠠᠭᠠᠵᠤ᠂ ᠬᠦᠢᠲᠡᠨ ᠭᠡᠮ ᠳᠤ ᠲᠠᠭᠠᠷᠢᠬᠳᠠᠬᠤ ᠠᠴᠠ ᠰᠡᠷᠭᠡᠶᠢᠯᠡᠬᠦ ᠬᠡᠷᠡᠭᠲᠡᠢ᠃ | ᠨᠠᠮᠤᠷ ᠪᠣᠯᠪᠠᠯ ᠬᠤᠳᠣᠭᠤᠳᠤ ᠭᠡᠳᠡᠰᠦᠨ ᠤ ᠠᠵᠢᠯᠯᠠᠭ᠎ᠠ ᠠᠨᠠᠢ ᠬᠥᠮᠥᠰ ᠤᠨ ᠬᠤᠳᠣᠭᠤᠳᠤᠨ ᠬᠦᠴᠢᠯ᠂ | ᠬᠤᠳᠣᠭᠤᠳᠤ ᠴᠢᠨᠦᠷᠡᠬᠦ᠂ ᠬᠤᠳᠣᠭᠤᠳᠤ ᠡᠪᠡᠳᠬᠦ ᠨᠢ ᠣᠯᠠᠰᠢᠷᠠᠳᠠᠭ᠃ ᠵᠢᠭᠠᠬᠠᠨ ᠼᠤᠤ ᠲᠠᠢ ᠭᠠ ᠶᠢ ᠳᠡᠪᠲᠦᠭᠡᠵᠦ | ᠬᠦᠢᠲᠡᠨ ᠬᠡᠢ ᠶᠢ ᠬᠥᠭᠡᠭᠡᠵᠦ ᠠᠷᠭ᠎ᠠ ᠬᠡᠢ ᠶᠢ ᠳᠡᠭᠡᠭᠰᠢᠯᠡᠭᠦᠯᠦᠨ᠎ᠡ᠂ ᠡᠭᠦᠨ ᠳᠤ ᠰᠢᠨ᠎ᠡ ᠰᠣᠷᠭᠤᠭ ᠲᠦᠭᠦᠬᠡᠢ ᠭᠠ ᠶᠢ | ᠬᠡᠰᠡᠭᠯᠡᠨ ᠬᠡᠷᠴᠢᠵᠦ᠂ ᠵᠢᠵᠢᠭ ᠯᠣᠩᠬᠤ ᠣᠯᠵᠤ ᠼᠤᠤ ᠪᠠᠷ ᠳᠡᠪᠲᠦᠭᠡᠭᠡᠳ ᠥᠷᠯᠥᠭᠡ ᠪᠦᠷᠢ ᠥᠯᠥᠨ ᠢᠶᠠᠷ ᠬᠤᠶᠠᠷ | ᠭᠤᠷᠪᠠᠨ ᠬᠡᠰᠡᠭ ᠢ ᠢᠳᠡᠨ᠎ᠡ᠃ ᠢᠯᠠᠩᠭᠤᠶ᠎ᠠ ᠢᠰᠬᠦᠯᠡᠩ ᠤᠰᠤ ᠪᠠᠷ ᠪᠥᠭᠡᠯᠵᠢᠬᠦ᠂ ᠰᠠᠭᠤᠯᠭᠠᠬᠤ᠂ ᠬᠥᠯ ᠭᠠᠷ | ᠳᠠᠭᠠᠷᠠᠳᠠᠭ ᠬᠥᠮᠥᠰ ᠲᠤ ᠡᠨᠡ ᠠᠷᠭ᠎ᠠ ᠮᠠᠰᠢ ᠲᠤᠰᠠᠲᠠᠢ᠃ | ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠡᠷᠳᠡᠮᠲᠡᠳ ᠨᠠᠮᠤᠷ ᠤᠨ ᠤᠯᠠᠷᠢᠯ ᠳᠤ ᠥᠷᠯᠥᠭᠡ ᠪᠦᠷᠢ | ᠰᠢᠩᠭᠡᠨ ᠪᠤᠳᠠᠭ᠎ᠠ ᠢᠳᠡᠬᠦ ᠶᠢ ᠰᠠᠨᠠᠭᠠᠴᠢᠯᠠᠳᠠᠭ᠂ ᠤᠴᠢᠷ ᠨᠢ ᠨᠠᠮᠤᠷ ᠤᠨ ᠡᠬᠢ ᠪᠠᠷ ᠳᠡᠯᠢᠭᠦᠦ ᠬᠤᠳᠣᠭᠤᠳᠤ | ᠬᠤᠭᠤᠰᠤᠷᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠮᠠᠭᠤᠳᠠᠳᠠᠭ᠃ ᠡᠨᠡ ᠦᠶ᠎ᠡ ᠳᠤ ᠬᠡᠷᠪᠡ ᠪᠦᠯᠢᠶᠡᠨ | ᠢᠳᠡᠭᠡᠨ ᠢᠳᠡᠬᠦ᠂ ᠣᠨᠴᠠᠭᠠᠶᠢᠯᠠᠨ ᠬᠠᠯᠠᠭᠤᠨ ᠡᠮᠲᠦ ᠬᠤᠭᠤᠯᠠ ᠢᠳᠡᠪᠡᠯ ᠪᠡᠶ᠎ᠡ ᠳᠤ ᠰᠠᠶᠢᠨ᠂ ᠵᠢᠱᠢᠶᠡᠯᠡᠪᠡᠯ ᠰᠠᠷᠠᠨ᠎ᠠ | ᠯᠢᠩᠬᠸ᠎ᠠ ᠶᠢᠨ ᠦᠷ᠎ᠡ ᠲᠠᠢ ᠰᠢᠩᠭᠡᠨ ᠪᠤᠳᠠᠭ᠎ᠠ ᠮᠡᠲᠦ᠃ ᠡᠭᠦᠨ ᠠᠴᠠ ᠭᠠᠳᠠᠨ᠎ᠠ ᠲᠤᠲᠤᠷᠭ᠎ᠠ᠂ ᠰᠢᠯᠦᠬᠡᠢ | ᠲᠤᠲᠤᠷᠭ᠎ᠠ ᠨᠢ ᠪᠦᠷ ᠳᠡᠯᠢᠭᠦᠦ ᠬᠤᠳᠣᠭᠤᠳᠤ ᠶᠢ ᠰᠠᠶᠢᠵᠢᠷᠠᠭᠤᠯᠵᠤ᠂ ᠬᠡᠢ ᠶᠢ ᠨᠥᠬᠦᠬᠦ ᠦᠢᠯᠡᠳᠦᠯ ᠢᠶᠠᠷ ᠮᠠᠰᠢ | ᠰᠠᠶᠢᠨ ᠪᠠᠶᠢᠳᠠᠭ᠃ | 4. ᠬᠡᠢ ᠴᠢᠰᠤ ᠶᠢ ᠨᠥᠬᠦᠬᠦ ᠳᠤ ᠡᠷᠲᠡ ᠤᠨᠲᠠᠬᠤ ᠬᠡᠷᠡᠭᠲᠡᠢ | ︽ᠬᠤᠸᠠᠩᠳᠢ ᠶᠢᠨ ᠳᠣᠲᠣᠷ ᠡᠮᠨᠡᠯᠭᠡ︾ ᠳᠤ ᠡᠷᠲᠡ ᠤᠨᠲᠠᠵᠤ ᠡᠷᠲᠡ ᠪᠤᠰᠬᠤ ᠨᠢ ᠨᠠᠮᠤᠷ ᠤᠨ ᠤᠯᠠᠷᠢᠯ ᠤᠨ | ᠣᠨᠴᠠᠯᠢᠭ ᠲᠤ ᠵᠣᠬᠢᠴᠠᠬᠤ ᠶᠢᠨ ᠲᠥᠯᠥᠭᠡ ᠭᠡᠵᠦ ᠲᠡᠮᠳᠡᠭᠯᠡᠵᠡᠢ᠃ ᠣᠷᠣᠢ ᠶᠢᠨ 11 ᠴᠠᠭ ᠠᠴᠠ ᠡᠮᠦᠨ᠎ᠡ ᠤᠨᠲᠠᠵᠤ᠂ | ᠥᠷᠯᠥᠭᠡ ᠶᠢᠨ 6 ᠴᠠᠭ ᠤᠨ ᠦᠶ᠎ᠡ ᠪᠠᠷ ᠪᠣᠰᠪᠠᠯ ᠨᠡᠯᠢᠶᠡᠳ ᠲᠣᠬᠢᠷᠠᠮᠵᠢᠲᠠᠢ᠃ | ᠦᠷᠭᠦᠯᠵᠢ ᠰᠥᠨᠢᠵᠢᠨ ᠠᠵᠢᠯᠯᠠᠳᠠᠭ ᠬᠥᠮᠥᠨ ᠴᠠᠭ ᠲᠤᠬᠠᠢ ᠳᠤᠨᠢ ᠴᠢᠨᠠᠷ ᠰᠠᠶᠢᠲᠠᠢ ᠤᠭᠤᠷᠠᠭ ᠪᠣᠯᠣᠨ | ᠸᠢᠲ᠋ᠠᠮᠢᠨ A ᠨᠥᠬᠦᠬᠦ ᠬᠡᠷᠡᠭᠲᠡᠢ᠃ ᠣᠷᠣᠢ ᠤᠨᠲᠠᠬᠤ ᠠᠴᠠ ᠪᠠᠨ ᠡᠮᠦᠨ᠎ᠡ ᠬᠥᠯ ᠢᠶᠠᠨ ᠳᠡᠪᠲᠦᠭᠡᠪᠡᠯ ᠨᠦᠢᠷ | ᠬᠤᠯᠵᠢᠬᠤ ᠶᠢ ᠰᠡᠷᠭᠡᠶᠢᠯᠡᠨ᠎ᠡ᠃ | ᠡᠭᠦᠨ ᠠᠴᠠ ᠭᠠᠳᠠᠨ᠎ᠠ᠂ ᠥᠪᠡᠷ ᠢ ᠪᠠᠨ ᠲᠣᠬᠢᠷᠠᠭᠤᠯᠬᠤ ᠪᠠᠷ ᠳᠡᠮᠵᠢᠨ ᠬᠡᠢ ᠴᠢᠰᠤ ᠶᠢ ᠨᠥᠬᠦᠵᠦ ᠪᠣᠯᠣᠨ᠎ᠠ᠂ | ᠢᠳᠡᠭᠡᠨ ᠤᠮᠳᠠᠭᠠᠨ ᠤ ᠲᠠᠯ᠎ᠠ ᠪᠠᠷ ᠭᠤᠱᠤᠭᠤᠨ᠂ ᠰᠡᠷᠢᠭᠦᠨ᠂ ᠬᠦᠢᠲᠡᠨ ᠢᠳᠡᠭᠡᠨ ᠢ ᠪᠠᠭ᠎ᠠ ᠢᠳᠡᠵᠦ᠂ ᠰᠢᠩᠭᠡᠨ | ᠰᠢᠮᠡᠯᠢᠭ ᠢᠳᠡᠭᠡᠨ ᠢᠶᠠᠷ ᠭᠤᠣᠯ ᠪᠣᠯᠭᠠᠨ᠎ᠠ᠃ ᠤᠯᠠᠭᠠᠨ ᠴᠢᠪᠠᠭ᠎ᠠ ᠲᠠᠢ ᠥᠨᠳᠡᠭᠡᠨ ᠱᠥᠯᠥ ᠬᠡᠢ ᠴᠢᠰᠤ ᠶᠢ | ᠰᠢᠮᠡᠵᠢᠭᠦᠯᠵᠦ ᠴᠢᠳᠠᠨ᠎ᠠ᠃ ᠰᠦᠨ ᠣᠷᠬᠤᠳᠠᠢ 9 ᠭᠷᠡᠮ᠂ ᠤᠯᠠᠭᠠᠨ ᠴᠢᠪᠠᠭ᠎ᠠ 20 ᠭᠷᠡᠮ᠂ ᠤᠯᠠᠭᠠᠨ ᠪᠤᠷᠴᠠᠭ 20 | ᠭᠷᠡᠮ᠂ ᠬᠤᠯᠢᠮ᠎ᠠ ᠶᠢᠨ ᠴᠥᠮ᠎ᠡ 20 ᠭᠷᠡᠮ ᠢ ᠤᠬᠢᠶᠠᠨ ᠴᠡᠪᠡᠷᠯᠡᠭᠡᠳ ᠬᠠᠮᠲᠤ ᠲᠣᠭᠤᠭᠠᠨ ᠳᠠᠭᠠᠨ ᠬᠢᠵᠦ᠂ ᠪᠤᠷᠠᠮ | 20 ᠭᠷᠡᠮ᠂ ᠵᠣᠬᠢᠬᠤ ᠬᠡᠮᠵᠢᠶᠡᠨ ᠤ ᠤᠰᠤ ᠨᠡᠮᠡᠵᠦ ᠴᠢᠨᠠᠵᠤ ᠪᠤᠯᠭᠤᠨ᠎ᠠ᠃ ᠡᠨᠡ ᠨᠢ ᠨᠠᠮᠤᠷ ᠤᠨ ᠰᠡᠷᠢᠭᠦᠦ ᠳᠤ ᠪᠡᠶ᠎ᠡ | ᠲᠠᠮᠢᠷᠳᠠᠨ ᠰᠤᠯᠠᠷᠠᠬᠤ ᠶᠢ ᠵᠠᠰᠠᠬᠤ ᠳᠤ ᠲᠤᠰᠠᠲᠠᠢ᠃ ︵︽ᠠᠮᠢ ᠨᠠᠰᠤ ᠴᠠᠭ ᠤᠨ ᠰᠣᠨᠢᠨ︾ ᠠᠴᠠ ᠣᠷᠴᠢᠭᠤᠯᠤᠨ | ᠨᠠᠶᠢᠷᠠᠭᠤᠯᠪᠠ︶ |