ᠵᠠᠰᠠᠯ ᠴᠢᠮᠡᠭ ᠤᠨ ᠡᠳ᠋ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠣᠯᠠᠨ | ᠲᠦᠮᠡᠨ ᠤ ᠵᠠᠰᠠᠯ ᠴᠢᠮᠡᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠤᠷᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ︽ᠳᠥᠷᠪᠡ ᠶᠢ ᠴᠢᠩᠭᠠᠳᠬᠠᠬᠤ︾ ᠪᠠᠷ ᠠᠷᠭ᠎ᠠ ᠬᠡᠮᠵᠢᠶ᠎ᠡ ᠪᠣᠯᠭᠠᠵᠤ᠂ ᠨᠠᠷᠢᠯᠢᠭ ᠣᠨᠣᠪᠴᠢᠲᠠᠢ | ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠠᠯᠲᠠ ᠲᠠᠢ ᠬᠦᠴᠦᠯᠡᠨ ᠴᠢᠷᠮᠠᠶᠢᠵᠤ᠂ ᠬᠠᠷᠢᠶᠠᠲᠤ ᠣᠷᠣᠨ ᠤ ᠬᠡᠪᠴᠢᠶᠡᠨ | ᠳᠣᠲᠣᠷ᠎ᠠ ᠭᠡᠵᠢᠭᠡ ᠪᠣᠳᠣᠬᠤ ᠲᠥᠷᠥᠯ ᠤᠨ ᠵᠠᠰᠠᠯ ᠴᠢᠮᠡᠭ ᠤᠨ ᠡᠳ᠋ ᠢ ᠲᠤᠰᠬᠠᠶ ᠴᠡᠭᠴᠡᠯᠡᠨ ᠵᠠᠰᠠᠬᠤ ᠠᠵᠢᠯ ᠢ | ᠶᠡᠬᠡᠪᠡᠷ ᠥᠷᠨᠢᠭᠦᠯᠪᠡ᠃ | | | | | ᠲᠣᠰ ᠤᠳᠠᠭᠠᠨ ᠤ ᠲᠤᠰᠬᠠᠶᠢᠯᠠᠨ ᠵᠠᠰᠠᠬᠤ ᠠᠵᠢᠯ ᠨᠢ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠰᠠᠯ ᠴᠢᠮᠡᠭ ᠤᠨ ᠡᠳ᠋ ᠤᠨ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠲᠣᠮᠣ ᠳᠤᠮᠳᠠ | ᠬᠡᠯᠪᠡᠷᠢ ᠶᠢᠨ ᠭᠡᠵᠢᠭᠡ ᠵᠠᠰᠠᠬᠤ ᠭᠠᠵᠠᠷ ᠵᠡᠷᠭᠡ ᠪᠠᠷ ᠭᠤᠤᠯᠳᠠᠯᠭ᠎ᠠ ᠲᠠᠢ ᠡᠲᠡᠭᠡᠳ ᠢᠶᠠᠨ ᠪᠣᠯᠭᠠᠵᠤ᠂ | ᠳᠠᠩᠰᠠᠯᠠᠭᠤᠯᠤᠭᠰᠠᠨ ᠥᠬᠡᠶ᠂ ᠪᠠᠷᠢᠮᠵᠢᠶ᠎ᠠ ᠳᠤ ᠨᠡᠶᠢᠴᠡᠬᠦ ᠥᠬᠡᠶ᠂ ︽ᠨᠢᠭᠡ ᠨᠣᠮᠧᠷ ᠢ ᠣᠯᠠᠨ ᠳᠤ ᠬᠡᠷᠡᠭᠯᠡᠬᠦ︾ ᠵᠠᠰᠠᠯ | ᠴᠢᠮᠡᠭ ᠤᠨ ᠡᠳ᠋ ᠢ ᠡᠵᠡᠩᠨᠡᠨ ᠬᠡᠷᠡᠭᠯᠡᠬᠦ ᠶᠢ ᠴᠢᠩᠭ᠎ᠠ ᠪᠠᠶᠢᠴᠠᠭᠠᠵᠤ᠂ ᠭᠡᠵᠢᠭᠡ ᠪᠣᠳᠣᠬᠤ ᠲᠥᠷᠥᠯ ᠤᠨ ᠵᠠᠰᠠᠯ | ᠴᠢᠮᠡᠭ ᠤᠨ ᠡᠳ᠋ ᠢ ᠡᠵᠡᠩᠨᠡᠨ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠪᠠ᠃ ᠪᠠᠶᠢᠴᠠᠭᠠᠬᠤ | ᠶᠠᠪᠤᠴᠠ ᠳᠤ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠ ᠲᠤᠰᠬᠠᠶ ᠵᠦᠢᠯ ᠢᠶᠠᠷ ᠪᠠᠶᠢᠴᠠᠭᠠᠬᠤ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠰᠠᠭᠤᠳᠠᠯ ᠢ ᠢᠯᠡᠷᠡᠭᠦᠯᠬᠦ ᠪᠠᠷ ᠤᠳᠤᠷᠢᠳᠤᠮᠵᠢ ᠪᠣᠯᠭᠠᠬᠤ | ᠬᠡᠷᠡᠭᠲᠡᠶ᠃ ᠨᠢᠭᠡ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠵᠤ᠂ ᠣᠯᠠᠨ | ᠨᠡᠶᠢᠲᠡ ᠶᠢᠨ ᠭᠡᠵᠢᠭᠡ ᠪᠤᠳᠤᠬᠤ ᠲᠥᠷᠥᠯ ᠤᠨ ᠵᠠᠰᠠᠯ ᠴᠢᠮᠡᠭ ᠤᠨ ᠡᠳ᠋ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠵᠢᠴᠢ ᠬᠤᠳᠠᠯ ᠬᠠᠭᠤᠷᠮᠠᠭ ᠮᠠᠭᠤ ᠵᠠᠰᠠᠯ ᠴᠢᠮᠡᠭ ᠤᠨ ᠡᠳ᠋ ᠢ ᠢᠯᠭᠠᠨ ᠲᠠᠨᠢᠬᠤ ᠴᠢᠳᠠᠪᠤᠷᠢ ᠶᠢ | ᠳᠡᠭᠡᠭᠰᠢᠯᠡᠭᠦᠯᠪᠡ︔ ᠨᠥᠭᠦᠭᠡ ᠲᠠᠯ᠎ᠠ ᠪᠠᠷ ᠵᠠᠰᠠᠯ ᠴᠢᠮᠡᠭ ᠤᠨ ᠡᠳ᠋ ᠡᠵᠡᠩᠨᠡᠨ ᠬᠡᠷᠡᠭᠯᠡᠬᠦ ᠨᠢᠭᠡᠴᠢ ᠶᠢ ᠴᠢᠩᠭ᠎ᠠ | ᠰᠢᠮᠳᠠᠭᠤᠯᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠲᠡᠳᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠭᠡᠵᠢᠭᠡ ᠪᠤᠳᠤᠬᠤ | ᠲᠥᠷᠥᠯ ᠤᠨ ᠵᠠᠰᠠᠯ ᠴᠢᠮᠡᠭ ᠤᠨ ᠡᠳ᠋ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ | ᠡᠰᠡᠬᠦ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠡᠭᠦᠨ ᠤ ᠬᠠᠮᠲᠤ᠂ ᠡᠯ᠎ᠡ ᠡᠵᠡᠩᠨᠡᠯᠲᠡ ᠶᠢᠨ ᠨᠢᠭᠡᠴᠢ ᠶᠢ | ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠰᠦᠯᠵᠢᠶᠡᠨ ᠥᠷᠲᠡᠭᠡ ᠪᠤᠶᠤ ︽ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ︾ ᠶᠢᠨ | APP ᠶᠢ ᠬᠡᠷᠡᠭᠯᠡᠨ ᠦᠢᠯᠡᠳᠬᠦᠨ ᠤ ᠮᠡᠳᠡᠭᠡ ᠵᠠᠩᠭᠢ ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠬᠠᠷᠭᠤᠭᠤᠯᠤᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠭᠡᠷᠡᠴᠢ | ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠢ ᠴᠢᠩᠭ᠎ᠠ | ᠨᠠᠶᠢᠳᠠᠪᠤᠷᠢᠵᠢᠭᠤᠯᠵᠤ᠂ ᠬᠢᠷᠢ ᠲᠡᠩᠴᠡᠬᠦ ᠥᠬᠡᠶ ᠵᠢᠴᠢ ᠬᠠᠭᠤᠷᠮᠠᠭ ᠮᠠᠭᠤ ᠭᠡᠵᠢᠭᠡ ᠪᠤᠳᠤᠬᠤ ᠲᠥᠷᠥᠯ ᠤᠨ ᠵᠠᠰᠠᠯ | ᠴᠢᠮᠡᠭ ᠤᠨ ᠡᠳ᠋ ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠪᠡ᠃ | | | | | ᠣᠳᠣᠬᠠᠨ ᠪᠣᠯᠲᠠᠯ᠎ᠠ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠨᠡᠶᠢᠲᠡ 61 ᠵᠠᠰᠠᠯ ᠴᠢᠮᠡᠭ ᠤᠨ | ᠡᠳ᠋ ᠡᠵᠡᠩᠨᠡᠨ ᠬᠡᠷᠡᠭᠯᠡᠬᠦ ᠨᠢᠭᠡᠴᠢ ᠶᠢ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠡᠵᠢᠭᠡ ᠪᠤᠳᠤᠬᠤ ᠲᠥᠷᠥᠯ ᠤᠨ | ᠵᠠᠰᠠᠯ ᠴᠢᠮᠡᠭ ᠤᠨ ᠡᠳ᠋ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠵᠠᠰᠠᠯ | ᠴᠢᠮᠡᠭ ᠤᠨ ᠡᠳ᠋ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠵᠠᠰᠠᠯ ᠴᠢᠮᠡᠭ ᠤᠨ ᠡᠳ᠋ ᠡᠵᠡᠩᠨᠡᠨ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠶᠠᠰᠤ | ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠢᠦᠢ ᠴᠢᠤᠸᠠᠨ ᠲᠣᠭᠤᠷᠢᠭ ᠤᠨ | ᠣᠯᠠᠨ ᠲᠦᠮᠡᠨ ᠤ ᠵᠠᠰᠠᠯ ᠴᠢᠮᠡᠭ ᠤᠨ ᠠᠮᠤᠷ ᠲᠦᠪᠰᠢᠨ ᠢ ᠬᠠᠮᠠᠭᠠᠯᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |