ᠢᠦᠢ ᠴᠢᠤᠸᠠᠨ ᠲᠣᠭᠤᠷᠢᠭ ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/7
     ᠪᠥᠬᠦ ᠬᠤᠲᠠ ᠶᠢᠨ ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠢᠦᠢ ᠴᠢᠤᠸᠠᠨ ᠲᠣᠭᠤᠷᠢᠭ ᠤᠨ ᠷᠠᠳᠢᠣ᠋ ᠲᠧᠯᠸᠢᠰ ᠤᠨ ᠬᠦᠯᠢᠶᠡᠨ ᠠᠪᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠬᠡᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠦᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠤᠷᠢᠶᠠᠯᠠᠯ ᠳᠤ ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ᠃
     ᠠᠵᠢᠯᠲᠠᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠲᠤ ᠬᠠᠤᠯᠢ ᠪᠤᠰᠤ ᠳᠠᠭᠠᠭᠤᠯᠢ ᠣᠳᠣᠨ ᠤ ᠲᠤᠭᠤᠭ᠎ᠠ ᠶᠢᠨ ᠬᠤᠤᠷ ᠬᠥᠨᠥᠭᠡᠯ ᠢ ᠲᠦᠭᠡᠮᠡᠯᠵᠢᠭᠦᠯᠵᠦ᠂ ︽ᠵᠢᠵᠢᠭ ᠴᠢᠬᠢ︾ ᠨᠢ ᠬᠤᠷᠢᠶᠠᠯᠠᠯ ᠤᠨ ᠪᠦᠬᠦᠯᠢ ᠴᠣᠭᠴᠠ ᠶᠢᠨ ᠭᠤᠶᠣ ᠰᠠᠶᠢᠬᠠᠨ ᠢ ᠡᠪᠳᠡᠭᠰᠡᠨ ᠢᠶᠠᠷ ᠪᠠᠷᠠᠬᠤ ᠥᠬᠡᠶ᠂ ᠨᠠᠩ ᠴᠤ ᠵᠢᠷᠤᠮᠵᠢᠭᠰᠠᠨ ᠬᠠᠮᠢᠶᠠᠷᠤᠯᠲᠠ ᠪᠠ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤᠲᠠᠭᠳᠠᠭᠰᠠᠨ ᠠᠴᠠ ᠪᠣᠯᠵᠣ᠂ ᠲᠦᠢᠯ ᠤᠨ ᠶᠡᠭᠡ ᠠᠮᠤᠷ ᠲᠦᠪᠰᠢᠨ ᠤ ᠲᠦᠭᠰᠢᠭᠦᠷᠢ ᠣᠷᠣᠰᠢᠵᠤ ᠪᠠᠶᠢᠨ᠎ᠠ᠂ ᠡᠭᠦᠨ ᠳᠤ ᠤᠨᠠᠬᠤ ᠲᠦᠭᠰᠢᠭᠦᠷᠢ᠂ ᠠᠶᠤᠩᠭ᠎ᠠ ᠴᠠᠬᠢᠯᠭᠠᠨ ᠤ ᠭᠠᠮᠰᠢᠭ᠂ ᠴᠠᠬᠢᠯᠭᠠᠨ ᠰᠣᠷᠢᠨᠵᠢᠨ ᠰᠠᠴᠤᠷᠠᠭ ᠪᠠᠷᠢᠮᠵᠢᠶ᠎ᠠ ᠠᠴᠠ ᠬᠡᠲᠦᠷᠡᠬᠦ ᠵᠢᠴᠢ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠳᠠᠯᠳᠠ ᠬᠡᠮ ᠣᠷᠣᠰᠢᠵᠤ ᠪᠠᠶᠢᠨ᠎ᠠ᠃ ᠬᠠᠷᠢᠯᠴᠠᠨ ᠦᠢᠯᠡᠳᠦᠯᠴᠡᠬᠦ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠠᠰᠠᠭᠤᠨ ᠯᠠᠪᠯᠠᠬᠤ ᠳᠤ ᠣᠷᠣᠯᠴᠠᠭᠰᠠᠨ ᠰᠠᠭᠤᠭᠠᠯᠢ ᠠᠷᠠᠳ ᠴᠥᠮ ᠬᠡᠷᠡᠭᠯᠡᠭᠡᠨ ᠤ ᠵᠢᠵᠢᠭ ᠪᠡᠯᠡᠭ ᠣᠯᠵᠤ᠂ ᠪᠦᠲᠦᠭᠡᠯᠴᠢ ᠰᠠᠨᠠᠭ᠎ᠠ ᠲᠠᠢ ᠮᠥᠷᠲᠡᠭᠡᠨ ᠪᠠᠰᠠ ᠬᠠᠯᠠᠭᠤᠨ ᠳᠤᠯᠠᠭᠠᠨ ᠪᠠᠶᠢᠵᠤ᠂ ᠶᠡᠬᠡᠳᠡ ᠬᠦᠷᠢᠶᠡᠯᠡᠯ ᠤᠯᠤᠭᠰᠠᠨ ᠪᠠᠶᠢᠨ᠎ᠠ᠃
     ᠠᠵᠢᠯᠯᠠᠭ᠎ᠠ ᠶᠢᠨ ᠤᠬᠠᠭᠤᠯᠭ᠎ᠠ ᠶᠠᠪᠤᠭᠳᠠᠬᠤ ᠶᠢᠨ ᠬᠠᠮᠲᠤ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠯ᠎ᠡ ᠬᠠᠤᠯᠢ ᠬᠡᠷᠡᠭᠵᠢᠭᠦᠯᠬᠦ ᠨᠢᠭᠡᠴᠢ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠨᠢᠭᠡ ᠨᠢᠭᠡ ᠪᠠᠷ ᠡᠷᠦᠬᠡ ᠳᠤ ᠣᠷᠣᠵᠤ ᠬᠠᠤᠯᠢ ᠪᠤᠰᠤ ᠳᠠᠭᠠᠭᠤᠯᠢ ᠤᠳᠤᠨ ᠤ ᠲᠣᠭᠤᠭ᠎ᠠ ᠶᠢ ᠨᠤᠷᠠᠭᠠᠬᠤ ᠠᠵᠢᠯ ᠢ ᠬᠢᠵᠦ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠤᠷᠠᠭᠠᠵᠤ᠂ ︽ᠵᠢᠵᠢᠭ ᠴᠢᠬᠢ︾ ᠶᠢ ᠨᠤᠷᠠᠭᠠᠭᠰᠠᠨ ᠨᠢ ᠬᠤᠷᠢᠶᠠᠯᠠᠯ ᠤᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠭᠰᠠᠨ ᠨᠢ ᠥᠷᠭᠡᠨ ᠣᠯᠠᠨ ᠰᠠᠭᠤᠭᠠᠯᠢ ᠠᠷᠠᠳ ᠲᠤ ᠬᠠᠤᠯᠢ ᠪᠤᠰᠤ ᠳᠠᠭᠠᠭᠤᠯᠢ ᠣᠳᠣᠨ ᠤ ᠲᠤᠭᠤᠭ᠎ᠠ ᠶᠢᠨ ᠬᠤᠤᠷ ᠬᠥᠨᠥᠭᠡᠯ ᠢ ᠤᠯᠠᠮ ᠨᠢᠭᠡ ᠠᠯᠬᠤᠮ ᠲᠠᠨᠢᠭᠤᠯᠵᠤ᠂ ᠪᠠᠰᠠ ᠨᠠᠩ ᠣᠯᠠᠨ ᠰᠠᠭᠤᠭᠠᠯᠢ ᠠᠷᠠᠳ ᠢ ᠬᠠᠤᠯᠢ ᠪᠤᠰᠤ ᠳᠠᠭᠠᠭᠤᠯᠢ ᠣᠳᠣᠨ ᠤ ᠲᠤᠭᠤᠭ᠎ᠠ ᠶᠢ ᠡᠰᠡᠷᠭᠦᠴᠡᠬᠦ ᠠᠵᠢᠯᠯᠠᠭ᠎ᠠ ᠳᠤ ᠣᠷᠣᠯᠴᠠᠭᠤᠯᠬᠤ ᠪᠣᠯᠤᠨ᠎ᠠ᠃ ᠲᠠᠷᠠᠭᠠᠴᠢ ᠶᠢᠨ ᠠᠯᠬᠤᠮ ᠳᠤ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠶ᠎ᠠ ᠣᠷᠣᠨ ᠤ ᠳᠣᠲᠣᠷᠠᠬᠢ ᠪᠠᠭᠤᠳᠠᠯ᠂ ᠨᠡᠶᠢᠭᠡᠮ ᠲᠣᠭᠤᠷᠢᠭ᠂ ᠬᠤᠳᠠᠯᠳᠤᠭᠠᠨ ᠤ ᠡᠷᠦᠬᠡ ᠶᠢᠨ ᠬᠠᠤᠯᠢ ᠪᠤᠰᠤ ᠳᠠᠭᠠᠭᠤᠯᠢ ᠤᠳᠤᠨ ᠤ ᠲᠣᠭᠤᠭ᠎ᠠ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号