ᠫᠦ᠋ ᠬᠤᠢ ᠣᠷᠣᠨ ᠰᠠᠭᠤᠴᠠ ᠶᠢᠨ ᠠᠰᠠᠷ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢ ᠬᠠᠮᠵᠢᠨ ᠭᠦᠢᠴᠡᠳᠭᠡᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/12/10
ᠥᠪᠥᠷ ᠮᠣᠩᠭᠤᠯ ᠤᠨ ᠫᠦ᠋ ᠬᠤᠶ ᠬᠡᠷ ᠪᠠᠶᠢᠰᠢᠩ ᠭᠠᠵᠠᠷ ᠬᠥᠷᠥᠩᠭᠡ ᠶᠢᠨ ᠬᠢᠵᠠᠭᠠᠷᠲᠤ ᠺᠣᠮᠫᠠᠨᠢ᠄      ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠬᠤ ᠠᠵᠢᠯ ᠢ ᠲᠦᠷᠭᠡᠳᠬᠡᠬᠦ ᠲᠤᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠣᠯᠲᠠᠯ᠎ᠠ᠂ ᠲᠠᠨ ᠤ ᠨᠢᠭᠡᠴᠢ  ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠫᠦ᠋ ᠬᠤᠢ ᠣᠷᠣᠨ ᠰᠠᠭᠤᠴᠠ ᠶᠢᠨ ᠠᠰᠠᠷ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠡᠩᠰᠡᠯᠡᠵᠦ ᠰᠢᠢᠳᠪᠦᠷᠢᠯᠡᠬᠦ ᠠᠵᠢᠯ ᠬᠦᠨᠳᠦ ᠨᠣᠴᠢᠲᠠᠶ ᠬᠤᠴᠣᠷᠴᠤ᠂ ᠰᠠᠭᠤᠭᠠᠯᠢ ᠠᠷᠠᠳ ᠣᠯᠠᠨ ᠤᠳᠠᠭ᠎ᠠ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠳᠡᠭᠡᠭᠰᠢ ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ᠃      ︽ᠲᠣᠭᠲᠠᠭᠠᠭᠰᠠᠨ ᠭᠤᠤᠯ ᠴᠣᠭᠴᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠬᠠᠮᠵᠢᠯᠴᠠᠨ ᠭᠦᠢᠴᠡᠳᠭᠡᠬᠦ ᠲᠤᠬᠠᠶ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 729 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠬᠤ ᠠᠵᠢᠯ ᠢ ᠲᠦᠷᠭᠡᠳᠬᠡᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠥᠬᠦᠪᠥᠷᠢ ᠮᠡᠳᠡᠭᠳᠡᠯ︾ ︵ ﹇2021﹈ 2 — 133︶ ᠤᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ᠄ ︽ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠠᠵᠢᠯ ᠳᠤ ᠬᠠᠮᠵᠢᠯᠴᠠᠬᠤ ᠦᠭᠡᠢ ᠪᠤᠶᠤ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ ᠢᠶᠠᠨ ᠬᠤᠷᠢᠶᠠᠭᠳᠠᠭᠰᠠᠨ ᠠᠴᠠ ᠪᠣᠯᠵᠤ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶  ᠠᠴᠠ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠡᠷᠦᠬᠡ ᠬᠤᠪᠢᠶᠠᠨ ᠳᠠᠩᠰᠠᠯᠠᠭᠤᠯᠤᠨ᠎ᠠ︾᠃      ᠲᠠᠨ ᠤ ᠨᠢᠭᠡᠴᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠬᠤᠷᠢᠶᠠᠯᠠᠯ ᠤᠨ ᠪᠥᠬᠦ ᠥᠮᠴᠢᠲᠡᠨ ᠳᠤ ᠰᠢᠯᠵᠢᠭᠦᠯᠬᠦ ᠳᠡᠩᠰᠡᠯᠡᠯᠲᠡ ᠶᠢᠨ ᠠᠵᠢᠯ ᠢ ᠲᠦᠷᠭᠡᠳᠬᠡᠨ ᠭᠦᠢᠴᠡᠳᠭᠡᠬᠦ ᠶᠢ ᠬᠦᠰᠡᠵᠦ ᠪᠠᠶᠢᠨ᠎ᠠ᠂ ᠬᠤᠭᠤᠴᠠᠭ᠎ᠠ ᠬᠡᠲᠦᠷᠡᠲᠡᠯ᠎ᠡ ᠭᠦᠢᠴᠡᠳᠭᠡᠬᠦ ᠳᠤ ᠬᠠᠮᠵᠢᠯᠴᠠᠬᠤ ᠥᠬᠡᠶ ᠪᠣᠯ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠠᠨ ᠤ ᠨᠢᠭᠡᠴᠢ ᠶᠢ ᠣᠷᠣᠯᠠᠨ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠰᠢᠯᠵᠢᠭᠦᠯᠬᠦ ᠳᠡᠩᠰᠡᠯᠡᠯᠲᠡ ᠬᠢᠯᠭᠡᠨ᠎ᠡ᠂ ᠡᠨᠡ ᠬᠤᠭᠤᠴᠠᠭᠠᠨ ᠳᠤ ᠪᠣᠶ ᠪᠣᠯᠤᠭᠰᠠᠨ ᠭᠠᠶᠢᠯᠢ ᠰᠦᠢᠳᠭᠡᠯ ᠵᠡᠷᠭᠡ ᠬᠠᠮᠢᠶ᠎ᠠ ᠪᠥᠬᠦᠶ ᠵᠠᠷᠤᠳᠠᠯ ᠢ ᠮᠥᠨ ᠬᠦ ᠲᠠᠨ ᠤ ᠨᠢᠭᠡᠴᠢ ᠠᠴᠠ ᠬᠠᠤᠯᠢ ᠲᠣᠭᠲᠠᠭᠠᠯ ᠶᠣᠰᠣᠭᠠᠷ ᠡᠭᠦᠷᠭᠡᠯᠡᠨ᠎ᠡ᠃      ᠣᠨᠴᠠᠭᠠᠶᠢᠯᠠᠨ ᠵᠠᠷᠯᠠᠪᠠ                     2024 ᠣᠨ ᠤ 12 ᠳ᠋ᠤᠭᠠᠷ ᠰᠠᠷ᠎ᠠ ᠶᠢᠨ 9 ᠤ ᠡᠳᠦᠷ              ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号