ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠨᠡᠶᠢᠭᠡᠮ ᠲᠣᠭᠤᠷᠢᠭ ᠤᠨ ᠠᠶᠠᠯᠠᠯ᠂ ᠦᠨᠡᠨ ᠰᠡᠳᠬᠢᠯ ᠢᠶᠠᠷ ᠦᠢᠯᠡᠴᠢᠯᠡᠵᠦ ᠬᠦᠮᠦᠰ ᠤᠨ ᠰᠡᠳᠬᠢᠯ ᠢ ᠳᠤᠯᠠᠭᠠᠴᠠᠭᠤᠯᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/11
     ᠣᠶᠢᠷ᠎ᠠ ᠳᠤ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠥᠬᠡᠬᠤᠲᠠ ᠶᠢᠨ ᠪᠡᠭᠡᠵᠢᠩ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠨᠡᠶᠢᠭᠡᠮ ᠲᠣᠭᠤᠷᠢᠭ ᠤᠨ ᠠᠶᠠᠯᠠᠯ᠂ ᠦᠨᠡᠨ ᠰᠡᠳᠬᠢᠯ ᠢᠶᠠᠷ ᠦᠢᠯᠡᠴᠢᠯᠡᠵᠦ ᠬᠦᠮᠦᠰ ᠤᠨ ᠰᠡᠳᠬᠢᠯ ᠢ ᠳᠤᠯᠠᠭᠠᠴᠠᠭᠤᠯᠬᠤ︾ ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠨᠢᠭᠡ ᠬᠤᠪᠢ ᠣᠨᠴᠠᠭᠠᠶ ᠬᠠᠶᠢᠷ᠎ᠠ ᠬᠠᠯᠠᠮᠵᠢ ᠬᠦᠷᠭᠡᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠰᠤᠳᠠᠯ ᠪᠠᠷᠢᠬᠤ᠂ ᠵᠡᠭᠦᠦ ᠲᠥᠭᠡᠨᠡᠯᠭᠡ ᠵᠡᠷᠭᠡ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠨᠢᠭᠡ ᠳᠤ ᠨᠢᠭᠡ ᠶᠢᠨ ᠡᠪᠡᠳᠴᠢᠨ ᠡᠮᠭᠡᠭ ᠢ ᠣᠨᠣᠰᠢᠯᠠᠬᠤ ᠪᠠ ᠪᠡᠶ᠎ᠡ ᠮᠠᠬᠠᠪᠣᠳ ᠢ ᠢᠯᠭᠠᠨ ᠲᠠᠨᠢᠵᠤ᠂ ᠪᠠᠰᠠ ᠡᠪᠦᠯ ᠤᠨ ᠤᠯᠠᠷᠢᠯ ᠤᠨ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠮᠡᠳᠡᠯᠭᠡ ᠶᠢ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠤᠶᠠᠯᠳᠤᠭᠤᠯᠵᠤ᠂ ᠡᠪᠦᠯ ᠤᠨ ᠤᠯᠠᠷᠢᠯ ᠤᠨ ᠴᠠᠭ ᠠᠭᠤᠷ ᠤᠨ ᠬᠦᠴᠦᠨ ᠵᠦᠢᠯ ᠤᠨ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠵᠡᠷᠭᠡ ᠲᠠᠯ᠎ᠠ ᠪᠠᠷ ᠨᠠᠷᠢᠨ ᠨᠢᠮᠪᠠᠶ ᠪᠡᠶ᠎ᠡ ᠰᠤᠪᠢᠯᠠᠬᠤ ᠵᠢᠯᠣᠭᠤᠳᠣᠯᠭ᠎ᠠ ᠬᠢᠵᠡᠶ᠃ ᠠᠵᠢᠯᠯᠠᠭ᠎ᠠ ᠶᠢᠨ ᠳᠤᠮᠳᠠ᠂ ᠬᠢᠲᠠᠳ ᠡᠮᠨᠡᠯᠭᠡ ᠶᠢᠨ ᠠᠵᠢᠯᠲᠠᠳ ᠪᠠᠰᠠ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢ ᠬᠡᠮᠵᠢᠵᠦ᠂ ᠲᠤᠬᠠᠶ ᠶᠢᠨ ᠲᠠᠯᠠᠪᠤᠷ ᠲᠤ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠮᠡᠳᠡᠯᠭᠡ ᠶᠢᠨ ᠭᠠᠷ ᠳᠡᠪᠲᠡᠷ ᠪᠠ ᠬᠠᠭᠤᠳᠠᠰᠤ ᠶᠢ ᠲᠠᠷᠬᠠᠭᠠᠵᠤ᠂ ᠰᠠᠭᠤᠭᠠᠯᠢ ᠠᠷᠠᠳ ᠲᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠮᠡᠳᠡᠯᠭᠡ ᠶᠢ ᠲᠠᠶᠢᠯᠪᠤᠷᠢᠯᠠᠵᠤ ᠥᠭᠪᠡ᠃
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠲᠤᠰᠬᠠᠶ ᠮᠡᠷᠭᠡᠵᠢᠯ ᠤᠨ᠂ ᠳᠥᠭᠦᠮ ᠳᠥᠲᠡ ᠣᠨᠣᠰᠢᠯᠠᠨ ᠡᠮᠨᠡᠬᠦ ᠦᠢᠯᠡᠴᠢᠯᠡᠭᠡ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠷᠠᠳ ᠣᠯᠠᠨ ᠳᠤ ᠬᠢᠲᠠᠳ ᠡᠮᠨᠡᠯᠭᠡ ᠶᠢᠨ ᠥᠪᠡᠷᠮᠢᠴᠡ ᠲᠠᠯ᠎ᠠ ᠶᠢ ᠦᠨᠡᠨ ᠬᠦ ᠮᠡᠳᠡᠷᠡᠭᠦᠯᠵᠦ᠂ ᠬᠢᠲᠠᠳ ᠡᠮᠨᠡᠯᠭᠡ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠪᠡᠶ᠎ᠡ ᠰᠤᠪᠢᠯᠠᠯᠲᠠ ᠡᠷᠡᠭᠦᠯᠵᠢᠯ ᠤᠨ ᠴᠢᠬᠤᠯᠠ ᠦᠢᠯᠡᠳᠦᠯ ᠢ ᠦᠨᠡᠨ ᠬᠦ ᠲᠠᠨᠢᠭᠤᠯᠵᠤ᠂ ᠠᠵᠢᠯᠯᠠᠭ᠎ᠠ ᠨᠢ ᠰᠠᠭᠤᠭᠠᠯᠢ ᠠᠷᠠᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠶᠢᠩ ᠴᠦᠨ ᠨᠡᠶᠢᠭᠡᠮ ᠲᠣᠭᠤᠷᠢᠭ ᠦᠷᠭᠦᠯᠵᠢᠯᠡᠨ ᠡᠯ᠎ᠡ ᠲᠠᠯ᠎ᠠ ᠶᠢᠨ ᠡᠬᠢ ᠪᠠᠶᠠᠯᠢᠭ ᠲᠠᠢ ᠬᠤᠯᠪᠣᠭᠠᠯᠠᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠣᠯᠠᠨ ᠨᠠᠩ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号