ᠪᠠᠭ᠎ᠠ ᠲᠦᠷᠭᠡᠨ ᠭᠤᠤᠯ ᠪᠠᠯᠭᠠᠰᠤᠨ ᠤ ᠶᠢᠨ ᠾᠧ ᠨᠡᠶᠢᠭᠡᠮ ᠲᠣᠭᠤᠷᠢᠭ ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠡᠳᠦᠷ ᠤᠨ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/11
     ︽ᠬᠤᠪᠢ ᠨᠡᠮᠡᠷᠢ ᠦᠵᠡᠭᠦᠯᠬᠦ᠂ ᠨᠦᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠣᠯ ᠪᠠᠯᠭᠠᠰᠤᠨ ᠤ ᠶᠢᠨ ᠾᠧ ᠨᠡᠶᠢᠭᠡᠮ ᠲᠣᠭᠤᠷᠢᠭ ᠤᠨ ᠬᠢᠨ ︽ᠬᠦᠴᠢᠷᠳᠡᠯ ᠲᠠᠢ ᠶᠢ ᠨᠢ ᠬᠠᠪᠰᠤᠷᠤᠨ ᠪᠠᠭᠤᠷᠠᠶ ᠶᠢ ᠨᠢ ᠲᠡᠳᠬᠦᠵᠦ᠂ ᠬᠠᠶᠢᠷ᠎ᠠ ᠬᠠᠯᠠᠮᠵᠢ ᠪᠠᠷ ᠬᠥᠷᠰᠢ ᠵᠡᠷᠭᠡᠯᠡᠳᠡᠭᠡ ᠪᠠᠨ ᠳᠤᠯᠠᠭᠠᠴᠠᠭᠤᠯᠬᠤ︾  ᠪᠠᠷ ᠭᠤᠣᠯ ᠰᠡᠳᠦᠪ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠭᠦᠨ ᠤ ᠵᠣᠷᠢᠯᠭ᠎ᠠ ᠨᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠡᠳᠡᠨ ᠳᠤ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠬᠦ ᠶᠢᠨ ᠲᠥᠯᠥᠭᠡ ᠶᠤᠮ᠃
     ᠥᠷᠯᠥᠭᠡ ᠡᠷᠲᠡ᠂ ᠰᠠᠶᠢᠨ ᠳᠤᠷ᠎ᠠ ᠶᠢᠨ ᠦᠢᠯᠡᠴᠢᠯᠡᠭᠴᠢᠳ ᠶᠠᠭᠠᠷᠠᠯᠳᠤᠵᠤ᠂ ᠲᠡᠳᠡ ᠨᠢᠭᠡᠲᠦᠯᠲᠡᠢ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠤᠪᠴᠠᠰᠤ ᠡᠮᠦᠰᠦᠨ᠂ ᠤᠳᠠᠯ ᠦᠭᠡᠢ ᠡᠬᠢᠯᠡᠬᠦ ᠭᠡᠵᠦ ᠪᠠᠶᠢᠭ᠎ᠠ ᠲᠤᠭᠯᠠᠭᠠᠮ ᠤᠨ ᠭᠤᠭᠴᠤᠭ᠎ᠠ ᠳᠤ ᠪᠡᠯᠡᠳᠭᠡᠯ ᠬᠢᠵᠦ ᠪᠠᠶᠢᠪᠠ᠃ ᠲᠣᠭᠯᠠᠭᠠᠮ ᠤᠨ ᠭᠤᠭᠴᠤᠭ᠎ᠠ ᠳᠤ ᠲᠠᠪᠤᠨ ᠲᠣᠭᠯᠠᠭᠠᠮ ᠤᠨ ᠴᠡᠭ ᠪᠠᠶᠢᠷᠢ ᠪᠠᠷ ᠪᠦᠷᠢᠯᠳᠦᠵᠦ᠂ ᠣᠷᠣᠯᠴᠠᠭᠴᠢ ᠨᠢᠭᠡ ᠲᠣᠭᠯᠠᠭᠠᠮ ᠤᠨ ᠴᠡᠭ ᠪᠠᠶᠢᠷᠢ ᠶᠢ ᠪᠡᠶᠡᠯᠡᠭᠦᠯᠬᠦ ᠪᠦᠷᠢ ᠨᠢᠭᠡ ᠲᠠᠮᠠᠭ᠎ᠠ ᠣᠯᠵᠤ᠂ 5 ᠲᠠᠮᠠᠭ᠎ᠠ ᠴᠤᠭᠯᠠᠭᠤᠯᠪᠠᠯ ᠭᠠᠷ ᠤᠨ ᠦᠰᠦᠭ ᠵᠢᠷᠤᠬᠤ ᠭᠠᠵᠠᠷ ᠲᠤ ᠪᠡᠯᠡᠭ ᠰᠣᠯᠢᠵᠤ ᠪᠣᠯᠤᠨ᠎ᠠ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠰᠠᠭᠤᠭᠠᠯᠢ ᠠᠷᠠᠳ ᠲᠠᠢ ᠬᠠᠮᠲᠤ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠦ᠂ ᠲᠡᠳᠡᠨ ᠤ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠰᠡᠳᠬᠢᠯ ᠵᠢᠷᠦᠬᠡᠨ ᠳᠤ ᠢᠷᠡᠭᠡᠳᠦᠢ ᠶᠢᠨ ᠬᠦᠰᠡᠯ ᠡᠷᠡᠮᠡᠯᠵᠡᠯ ᠳᠦᠭᠦᠷᠡᠩ ᠪᠠᠶᠢᠯ᠎ᠠ᠃
     ᠲᠣᠭᠯᠠᠭᠠᠮ ᠤᠨ ᠭᠤᠭᠴᠤᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠶᠢᠷ᠎ᠠ ᠬᠠᠯᠠᠮᠵᠢ ᠪᠣᠯᠤᠨ ᠡᠳ᠋ ᠪᠣᠳᠠᠰ ᠢᠶᠠᠨ ᠠᠪᠴᠤ᠂ ᠰᠤᠷᠪᠤᠯᠵᠢᠯᠠᠬᠤ ᠪᠠᠷ ᠬᠦᠷᠦᠭᠰᠡᠨ ᠪᠠᠶᠢᠨ᠎ᠠ᠃ ᠡᠷᠦᠬᠡ ᠪᠤᠯᠭᠠᠨ ᠳᠤ ᠬᠦᠷᠬᠦ ᠪᠦᠷᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠦᠷᠭᠡᠬᠦ ᠪᠠᠷ ᠪᠠᠷᠠᠬᠤ ᠦᠭᠡᠢ᠂ ᠭᠡᠷ ᠪᠦᠯᠢ ᠨᠢᠭᠡᠪᠦᠷᠢ ᠶᠢᠨ ᠦᠯᠢᠭᠡᠷ ᠢ ᠨᠡᠩ ᠬᠦᠯᠢᠴᠡᠩᠭᠦᠢ ᠪᠠᠷ ᠰᠣᠨᠣᠰᠴᠤ᠂ ᠲᠡᠳᠡᠨ ᠳᠤ ᠤᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠠ ᠳᠡᠮᠵᠢᠯᠭᠡ ᠦᠵᠡᠭᠦᠯᠪᠡ᠃ ᠨᠠᠰᠤᠲᠠᠶᠢᠴᠤᠳ ᠪᠠᠶᠠᠷᠯᠠᠨ ᠲᠠᠯᠠᠷᠬᠠᠵᠤ᠂ ᠬᠡᠦᠬᠡᠳ ᠤᠳ ᠦᠨᠡᠨ ᠰᠡᠳᠬᠢᠯ ᠠᠴᠠ ᠪᠠᠨ ᠢᠨᠢᠶᠡᠮᠰᠦᠭᠯᠡᠵᠦ᠂ ᠡᠨᠡ ᠬᠦ ᠬᠠᠶᠢᠷ᠎ᠠ ᠶᠢᠨ ᠬᠦᠴᠦᠨ ᠢ ᠲᠤᠭᠠᠴᠢᠵᠤ ᠪᠠᠶᠢᠯ᠎ᠠ᠃ ᠡᠨᠡ ᠬᠦ ᠴᠠᠭ ᠮᠥᠴᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠶᠢᠷ᠎ᠠ ᠪᠤᠯ ᠡᠶᠢᠮᠦ ᠰᠠᠶᠢᠨ ᠰᠠᠶᠢᠬᠠᠨ ᠮᠥᠷᠲᠡᠭᠡᠨ ᠴᠡᠪᠡᠷ ᠴᠤᠯ ᠬᠤᠣᠰ ᠴᠢᠭᠯᠡᠯ ᠢᠶᠠᠷ ᠬᠥᠭᠡᠭᠡᠴᠡᠯᠳᠦᠭᠰᠡᠨ ᠢ ᠭᠦᠨᠵᠡᠭᠡᠢ ᠣᠶᠢᠯᠠᠭᠠᠪᠠ᠃
     ᠲᠣᠰ ᠤᠳᠠᠭᠠᠨ ᠤ ᠠᠵᠢᠯᠯᠠᠭ᠎ᠠ ᠨᠢ ︽ᠣᠯᠠᠨ ᠤᠯᠤᠰ ᠤᠨ ᠰᠠᠶᠢᠨ ᠳᠤᠷ᠎ᠠ ᠶᠢᠨ  ᠦᠢᠯᠡᠴᠢᠯᠡᠭᠴᠢᠳ ᠤᠨ ᠡᠳᠦᠷ ᠢᠶᠠᠷ ᠠᠵᠠ ᠲᠣᠬᠢᠶᠠᠯ ᠪᠣᠯᠭᠠᠵᠤ︾᠂ ᠰᠠᠶᠢᠨ ᠳᠤᠷ᠎ᠠ ᠶᠢᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠳᠠᠷᠠᠭᠠᠴᠢ ᠶᠢᠨ ᠠᠯᠬᠤᠮ ᠳᠤ᠂ ᠪᠠᠭ᠎ᠠ ᠲᠦᠷᠭᠡᠨ ᠭᠤᠣᠯ ᠪᠠᠯᠭᠠᠰᠤᠨ ᠤ ᠶᠢᠨ ᠾᠧ ᠨᠡᠶᠢᠭᠡᠮ ᠲᠣᠭᠤᠷᠢᠭ ᠦᠷᠭᠦᠯᠵᠢᠯᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠨᠡᠩ ᠤᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠪᠤᠶᠢᠵᠢᠭᠤᠯᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠦᠷᠭᠦᠯᠵᠢᠯᠡᠭᠦᠯᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号