ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠬᠠᠷᠢᠶᠠᠲᠤ | ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠪᠠ ᠺᠠᠳ᠋ᠷ ᠠᠵᠢᠯᠲᠠᠨ ᠠᠵᠢᠯᠴᠢᠨ ᠤ ᠬᠤᠭᠤᠷᠣᠨᠳᠣᠬᠢ | ᠣᠶᠢᠯᠠᠭᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠱᠢ ᠳ᠋ᠦᠩ ᠵᠠᠮ ᠤᠨ ᠵᠡᠭᠡᠯᠢ | ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠭᠠᠷ ᠢᠶᠠᠷ ᠳ᠋ᠧᠩᠯᠦ | ᠦᠢᠯᠡᠳᠬᠦ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠲᠤᠤᠷᠵᠢᠭᠰᠠᠨ | ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠰᠠᠭᠤᠭᠠᠯᠢ ᠠᠷᠠᠳ ᠲᠤ ᠦᠨᠳᠦᠰᠦᠲᠡᠨ ᠨᠦᠭᠦᠳ ᠤᠨ ᠤᠯᠠᠮᠵᠢᠯᠠᠯᠲᠤ | ᠵᠢᠷᠤᠭ ᠪᠣᠯᠤᠨ ᠲᠡᠮᠳᠡᠭ ᠢ ᠳᠡᠯᠭᠡᠨ ᠦᠵᠡᠭᠦᠯᠵᠦ᠂ ᠡᠳᠡᠭᠡᠷ ᠵᠢᠷᠤᠭ ᠪᠣᠯᠤᠨ ᠲᠡᠮᠳᠡᠭ ᠨᠢ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠲᠡᠦᠬᠡ ᠪᠣᠯᠤᠨ | ᠳᠤᠷᠠᠰᠤᠮᠵᠢ ᠶᠢ ᠠᠴᠢᠶᠠᠯᠠᠵᠤ ᠪᠠᠶᠢᠨ᠎ᠠ᠃ ᠭᠠᠷ ᠤᠷᠠᠯᠠᠯ ᠤᠨ ᠪᠠᠭᠰᠢ ᠶᠢᠨ ᠳᠠᠭᠠᠭᠤᠯᠭ᠎ᠠ ᠪᠠᠷ ᠰᠠᠭᠤᠭᠠᠯᠢ ᠠᠷᠠᠳ | ᠬᠤᠶᠢᠨ᠎ᠠ ᠬᠤᠶᠢᠨ᠎ᠠ ᠠᠴᠠ ᠪᠠᠨ ᠭᠠᠷ ᠬᠥᠳᠡᠯᠵᠦ᠂ ᠥᠩᠭᠡᠲᠦ ᠴᠠᠭᠠᠰᠤ᠂ ᠬᠠᠶᠢᠴᠢ᠂ ᠴᠠᠪᠠᠤ ᠵᠡᠷᠭᠡ ᠮᠠᠲ᠋ᠧᠷᠢᠶᠠᠯ ᠢ | ᠬᠡᠷᠡᠭᠯᠡᠨ᠂ ᠬᠠᠶᠢᠴᠢᠯᠠᠬᠤ᠂ ᠨᠠᠭᠠᠬᠤ᠂ ᠵᠢᠷᠤᠬᠤ ᠵᠡᠷᠭᠡ ᠠᠷᠭ᠎ᠠ ᠪᠠᠷ ᠳᠠᠮᠵᠢᠭᠤᠯᠤᠨ᠂ ᠡᠯ᠎ᠡ ᠦᠨᠳᠦᠰᠦᠲᠡᠨ ᠤ | ᠰᠣᠶᠣᠯ ᠤᠨ ᠡᠯᠧᠮᠧᠨ᠋ᠲ ᠢ ᠦᠩᠭᠡᠲᠦ ᠳ᠋ᠧᠩᠯᠦ ᠳᠤ ᠤᠷᠠᠨ ᠢᠶᠠᠷ ᠠᠭᠤᠰᠤᠯᠴᠠᠭᠤᠯᠵᠤ᠂ ᠣᠯᠠᠨ ᠢᠶᠠᠷ ᠢᠶᠠᠨ ᠬᠠᠷᠢᠯᠴᠠᠨ | ᠰᠣᠯᠢᠯᠴᠠᠵᠤ᠂ ᠬᠠᠷᠢᠯᠴᠠᠨ ᠬᠠᠪᠰᠤᠷᠤᠯᠴᠠᠵᠤ᠂ ᠭᠠᠷ ᠤᠷᠠᠯᠠᠯ ᠤᠨ ᠵᠤᠭ᠎ᠠ ᠴᠡᠩᠬᠡᠯ ᠢ ᠬᠠᠮᠲᠤ ᠪᠠᠷ ᠪᠡᠶᠡᠴᠢᠯᠡᠨ | ᠣᠶᠢᠯᠠᠭᠠᠵᠤ᠂ ᠡᠲᠡᠭᠡᠷ ᠭᠠᠷ ᠤᠷᠠᠯᠠᠯ ᠤᠨ ᠳ᠋ᠧᠩᠯᠦ ᠨᠢ ᠬᠡᠭᠡᠨᠴᠢᠷ ᠰᠠᠶᠢᠬᠠᠨ ᠪᠠᠶᠢᠬᠤ ᠪᠠᠷ ᠪᠠᠷᠠᠬᠤ ᠦᠭᠡᠢ᠂ ᠨᠡᠩ ᠴᠤ | ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠪᠠ ᠡᠶ᠎ᠡ ᠵᠣᠬᠢᠴᠠᠯ ᠢ ᠬᠠᠷᠠᠭᠤᠯᠵᠤ ᠪᠠᠶᠢᠨ᠎ᠠ᠃ | | | | | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠰᠢᠯᠢᠳᠡᠭ | ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ ᠪᠠᠰᠠ ᠣᠯᠠᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠶ ᠣᠶᠢᠯᠠᠭᠠᠯᠲᠠ ᠪᠠᠨ | ᠭᠦᠨᠵᠡᠭᠡᠶᠢᠷᠡᠭᠦᠯᠵᠡᠶ᠃ ᠵᠢᠵᠢᠭ ᠦᠩᠭᠡᠲᠦ ᠳ᠋ᠧᠩᠯᠦ ᠨᠢ ᠤᠷᠢᠨ ᠳᠤᠯᠠᠭᠠᠨ ᠭᠡᠷᠡᠯ ᠭᠢᠯᠪᠠᠭ᠎ᠠ ᠶᠢ ᠰᠠᠴᠤᠷᠠᠭᠤᠯᠵᠤ᠂ | ᠰᠠᠶᠢᠨ ᠰᠠᠶᠢᠬᠠᠨ ᠴᠠᠭ ᠮᠥᠴᠡ ᠶᠢ ᠮᠦᠩᠬᠡᠷᠡᠭᠦᠯᠵᠦ ᠴᠢᠳᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |