ᠢᠦᠢ ᠴᠢᠤᠸᠠᠨ ᠲᠣᠭᠤᠷᠢᠭ ︽ᠡᠷᠲᠡᠨ ᠤ ᠡᠭᠡᠰᠢᠭᠯᠡᠯᠲᠦ ᠢᠦᠢ ᠴᠢᠤᠸᠠᠨ ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/12/17
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠡᠷᠲᠡᠨ ᠤ ᠡᠭᠡᠰᠢᠭᠯᠡᠯᠲᠦ ᠢᠦᠢ ᠴᠢᠤᠸᠠᠨ ᠠᠨᠠᠷ ᠤᠨ ᠴᠡᠴᠡᠭ  ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠷᠠᠲᠤ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠬᠦ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠲᠤᠷᠠᠨ ᠡᠷᠭᠢᠯᠡᠭᠰᠡᠨ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃
     ᠤᠷᠤᠯᠳᠤᠭᠠᠨ ᠨᠢ ᠢᠦᠶ ᠴᠢᠤᠸᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ IP ᠳᠦᠷᠢ ᠲᠥᠷᠬᠦ ᠶᠢᠨ ᠺᠠᠷᠲ᠋ᠣᠨ ᠵᠢᠷᠤᠭ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠵᠦ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠲᠠᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠲᠤᠭᠤᠷᠢᠨ ᠳᠤ᠂ ᠲᠣᠰ ᠬᠦᠷᠢᠶᠡᠨ ᠳᠠᠬᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠲᠠᠶᠢᠯᠪᠤᠷᠢᠯᠠᠨ ᠶᠠᠷᠢᠬᠤ ᠳᠤ ᠠᠭᠤᠰᠤᠯᠴᠠᠭᠤᠯᠵᠤ᠂ ᠠᠮᠢᠳᠤᠯᠢᠭ ᠦᠭᠡ ᠬᠡᠯᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠠᠪᠤᠴᠠ ᠳᠠᠬᠢ ᠨᠡᠶᠢᠲᠡᠯᠢᠭ ᠲᠤᠷᠰᠢᠯᠭ᠎ᠠ ᠶᠢ ᠢᠯᠡᠷᠡᠭᠦᠯᠵᠦ᠂ ᠢᠦᠶ ᠴᠢᠤᠸᠠᠨ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠡᠳᠬᠢᠯ ᠬᠥᠳᠡᠯᠭᠡᠮ᠎ᠡ ᠥᠯᠢᠭᠡᠷ ᠢ ᠶᠠᠷᠢᠪᠠ᠃ ᠡᠭᠦᠳᠦᠨ ᠪᠠᠶᠢᠭᠤᠯᠬᠤ ᠶᠠᠪᠤᠴᠠ ᠶᠢ ᠦᠵᠡᠭᠴᠢᠳ ᠲᠤ ᠰᠢᠭᠤᠳ ᠮᠡᠳᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠢᠯᠡᠰ ᠤᠨ ᠷᠢᠳᠢ ᠰᠢᠳᠢ ᠶᠢ ᠣᠶᠢᠯᠠᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠦᠷ᠎ᠡ ᠪᠦᠲᠦᠭᠡᠯ ᠢ ᠮᠡᠳᠡᠷᠡᠭᠦᠯᠪᠡ᠃
     ᠲᠣᠰ ᠤᠳᠠᠭᠠᠨ ᠤ ᠵᠢᠱᠢᠶ᠎ᠡ ᠦᠵᠡᠭᠦᠯᠬᠦ ᠴᠡᠭ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠢᠦᠶ ᠴᠢᠤᠸᠠᠨ ᠲᠣᠭᠤᠷᠢᠭ ᠤᠨ ᠡᠯ᠎ᠡ ᠬᠦᠷᠢᠶᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠪᠥᠬᠦ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠳᠤ ᠲᠤᠷᠰᠢᠯᠭ᠎ᠠ ᠰᠣᠯᠢᠯᠴᠠᠬᠤ ᠲᠠᠪᠴᠠᠩ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠲᠠᠶᠢᠯᠪᠤᠷᠢᠯᠠᠭᠴᠢ ᠶᠢᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠱᠢᠶ᠎ᠡ ᠦᠵᠡᠭᠦᠯᠬᠦ ᠴᠡᠭ ᠤᠨ ᠲᠠᠶᠢᠯᠪᠤᠷᠢᠯᠠᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠤᠷᠢᠶᠠᠯᠠᠬᠤ ᠬᠦᠴᠦᠨ᠂ ᠳᠣᠲᠣᠨᠣᠴᠢᠯᠠᠬᠤ ᠬᠦᠴᠦᠨ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠩ ᠣᠯᠠᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠢᠯᠡᠰ ᠲᠤ ᠣᠷᠣᠯᠴᠠᠭᠤᠯᠵᠤ᠂ ᠢᠦᠶ ᠴᠢᠤᠸᠠᠨ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠤᠳᠬᠠᠭᠤᠯᠪᠠ᠃
            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号