ᠳᠠᠯᠠᠢ ᠲᠣᠰᠬᠤᠨ ᠠᠶᠢᠯ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠵᠠᠢ ᠵᠠᠪᠰᠠᠷ ᠦᠭᠡᠢ ᠪᠠᠶᠢᠯᠭᠠᠵᠤ ᠭᠠᠷ ᠬᠤᠯᠪᠣᠯᠴᠠᠨ ᠲᠠᠷᠢᠶᠠᠯᠠᠩ ᠢ ᠳᠡᠮᠵᠢᠵᠦ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/12/18
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠳᠠᠯᠠᠢ ᠲᠣᠰᠬᠤᠨ ᠠᠶᠢᠯ ᠳᠤᠮᠳᠠᠳᠤ ᠤᠯᠤᠰ ᠤᠨ ᠪᠠᠩᠬᠢ ᠶᠢᠨ ᠢᠦᠶ ᠴᠢᠤᠸᠠᠨ ᠰᠠᠯᠪᠤᠷᠢ ᠪᠠᠩᠬᠢ ᠲᠠᠢ ᠬᠠᠮᠲᠤᠷᠠᠨ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠵᠠᠢ ᠵᠠᠪᠰᠠᠷ ᠦᠭᠡᠢ ᠪᠠᠶᠢᠯᠭᠠᠵᠤ ᠭᠠᠷ ᠬᠤᠯᠪᠣᠯᠴᠠᠨ ᠲᠠᠷᠢᠶᠠᠯᠠᠩ ᠢ ᠳᠡᠮᠵᠢᠵᠦ ᠠᠷᠠᠳ ᠤᠨ ᠰᠡᠳᠬᠢᠯ ᠢ ᠳᠤᠯᠠᠭᠠᠴᠠᠭᠤᠯᠬᠤ︾ ᠶᠠᠷᠢᠯᠴᠠᠬᠤ ᠬᠤᠷᠠᠯ ᠢ ᠥᠷᠨᠢᠭᠦᠯᠪᠡ᠃ ᠪᠠᠭ᠎ᠠ ᠲᠦᠷᠭᠡᠨ ᠭᠤᠤᠯ ᠪᠠᠯᠭᠠᠰᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠨᠡᠶᠢᠭᠡᠮ ᠤᠨ ᠪᠠᠲᠤᠯᠠᠭ᠎ᠠ ᠶᠢᠨ ᠰᠠᠯᠠᠭᠠᠨ ᠤ ᠠᠵᠢᠯᠲᠠᠨ ᠵᠢᠴᠢ ᠡᠯ᠎ᠡ ᠲᠣᠰᠬᠤᠨ ᠤ ᠱᠦᠵᠢ ᠲᠣᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃
     ᠠᠵᠢᠯᠯᠠᠭ᠎ᠠ ᠨᠢ ᠳᠤᠮᠳᠠᠳᠤ ᠤᠯᠤᠰ ᠤᠨ ᠪᠠᠩᠬᠢ ᠶᠢᠨ ᠢᠦᠶ ᠴᠢᠤᠸᠠᠨ ᠰᠠᠯᠪᠤᠷᠢ ᠪᠠᠩᠭᠢ ᠶᠢ ᠤᠷᠢᠵᠤ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠲᠠᠯ᠎ᠠ ᠶᠢᠨ ᠮᠡᠳᠡᠯᠭᠡ ᠪᠣᠯᠤᠨ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠲᠠᠶᠢᠯᠤᠮᠵᠢ ᠬᠢᠵᠦ᠂ ᠲᠤᠬᠠᠶ ᠶᠢᠨ ᠲᠠᠯᠠᠪᠠᠶ ᠳᠤ ᠣᠯᠠᠨ ᠳᠤ ︽ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠲᠣᠳᠣᠷᠬᠠᠶ ᠬᠠᠭᠤᠳᠠᠰᠤ︾ ᠵᠢᠴᠢ ︽ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠡᠵᠢᠭ ᠢ ᠬᠠᠷᠢᠭᠤᠯᠬᠤ ᠭᠠᠷ ᠳᠡᠪᠲᠡᠷ︾ ᠲᠠᠷᠬᠠᠭᠠᠵᠤ᠂ ᠣᠯᠠᠨ ᠲᠦᠮᠡᠨ ᠤ ᠰᠡᠵᠢᠭ ᠢ ᠠᠯᠳᠠᠷᠠᠭᠠᠨ ᠲᠥᠭᠡᠷᠢᠭᠳᠡᠯ ᠢ ᠲᠠᠶᠢᠯᠵᠤ᠂ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠡᠪᠡᠳᠴᠢᠨ ᠦᠵᠡᠭᠦᠯᠬᠦ ᠳᠤ ᠬᠡᠷᠡᠭᠯᠡᠵᠦ ᠪᠣᠯᠬᠤ ᠮᠥᠷᠲᠡᠭᠡᠨ ᠪᠠᠰᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠬᠠᠪᠰᠤᠷᠭᠠᠨ ᠬᠢᠵᠦ ᠥᠭᠪᠡ᠃ ᠡᠭᠦᠨ ᠤ ᠬᠠᠮᠲᠤ᠂ ᠳᠤᠮᠳᠠᠳᠤ ᠤᠯᠤᠰ ᠤᠨ ᠪᠠᠩᠬᠢ ᠶᠢᠨ ᠢᠦᠶ ᠴᠢᠤᠸᠠᠨ ᠰᠠᠯᠪᠤᠷᠢ ᠪᠠᠩᠬᠢ ᠪᠠᠰᠠ ᠬᠡᠷ ᠲᠤᠨᠢ ᠬᠦᠷᠴᠦ ᠲᠣᠰᠬᠤᠨ ᠤ ᠠᠷᠠᠳ ᠲᠤ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠦᠢᠴᠡᠳᠭᠡᠵᠦ᠂ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠳᠤ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠬᠡᠷ ᠲᠤᠨᠢ ᠬᠦᠷᠴᠦ ᠦᠢᠯᠡᠴᠢᠯᠡᠵᠦ᠂ ︽ᠬᠡᠷ ᠤᠨ ᠡᠭᠦᠳᠡᠨ ᠳᠠᠬᠢ ᠪᠠᠩᠬᠢ︾  ᠶᠢᠨ ᠳᠣᠲᠣᠨᠣ ᠣᠶᠢᠯᠠᠭᠠᠯᠲᠠ ᠶᠢ ᠦᠨᠡᠨ ᠬᠦ ᠪᠡᠶᠡᠯᠡᠭᠦᠯᠪᠡ᠃
     ᠠᠵᠢᠯᠯᠠᠭ᠎ᠠ ᠨᠢ ᠭᠤᠣᠯᠳᠠᠭᠤ ᠲᠣᠰᠬᠤᠨ ᠤ ᠠᠷᠠᠳ ᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠢ ᠬᠠᠪᠰᠤᠷᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠢᠴᠢ ᠮᠥᠩᠭᠦᠨ ᠭᠦᠢᠯᠭᠡᠭᠡᠨ ᠤ ᠦᠢᠯᠡᠳᠬᠦᠨ ᠢ ᠬᠡᠷᠬᠢᠨ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠢ ᠬᠦᠭᠵᠢᠭᠦᠯᠬᠦ ᠳᠤ ᠦᠢᠯᠡᠴᠢᠯᠡᠵᠦ᠂ ᠲᠤᠰᠬᠠᠶ ᠮᠡᠷᠭᠡᠵᠢᠯ᠂ ᠬᠠᠯᠠᠭᠤᠨ ᠳᠤᠯᠠᠭᠠᠨ ᠶᠡᠷᠦᠩᠬᠡᠶᠢᠯᠡᠭᠰᠡᠨ ᠦᠢᠯᠡᠴᠢᠯᠡᠭᠡ ᠪᠠᠷ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠢ ᠪᠦᠲᠦᠭᠡᠨ᠎ᠡ᠃      ᠲᠣᠰ ᠤᠳᠠᠭᠠᠨ ᠤ ᠠᠵᠢᠯᠯᠠᠭ᠎ᠠ ᠳᠤ᠂ ᠳᠤᠮᠳᠠᠳᠤ ᠤᠯᠤᠰ ᠤᠨ ᠪᠠᠩᠬᠢ ᠶᠢᠨ ᠢᠦᠶ ᠴᠢᠤᠸᠠᠨ ᠰᠠᠯᠪᠤᠷᠢ ᠪᠠᠩᠬᠢ ᠲᠠᠷᠢᠶᠠᠯᠠᠩ ᠤᠨ ᠪᠦᠲᠦᠭᠡᠭᠳᠡᠬᠦᠨ ᠤ ᠰᠦᠷᠯᠢᠭ ᠰᠠᠶᠢᠬᠠᠨ ᠲᠠᠷᠢᠶᠠᠯᠠᠩ ᠤᠨ ᠲᠠᠯᠠᠪᠠᠶ ᠲᠠᠢ ᠬᠠᠮᠲᠤᠷᠠᠨ ᠲᠡᠯᠡᠶ ᠲᠣᠰᠬᠤᠨ ᠠᠶᠢᠯ ᠤᠨ 10 ᠡᠷᠦᠬᠡ ᠬᠦᠴᠢᠷᠳᠡᠯᠲᠡᠶ ᠣᠯᠠᠨ ᠲᠦᠮᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠢᠴᠢ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠲᠣᠬᠤᠨᠢᠭᠤᠯᠬᠤ ᠪᠣᠳᠠᠰ ᠲᠠᠷᠬᠠᠭᠠᠵᠤ᠂ ᠣᠯᠠᠨ ᠲᠦᠮᠡᠨ ᠳᠤ ᠡᠪᠦᠯ ᠤᠨ ᠡᠳᠦᠷ ᠤᠨ ᠬᠠᠯᠠᠭᠤᠨ ᠳᠤᠯᠠᠭᠠᠨ ᠢ ᠠᠪᠴᠢᠷᠠᠭᠰᠠᠨ ᠪᠠᠶᠢᠨ᠎ᠠ᠃      ᠡᠯ᠎ᠡ ᠲᠣᠰᠬᠤᠨ ᠤ ᠱᠦᠵᠢ ᠪᠣᠯᠤᠨ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠲᠤᠰᠬᠠᠶ ᠮᠡᠷᠭᠡᠵᠢᠯᠲᠡᠨ ᠲᠣᠰ ᠤᠳᠠᠭᠠᠨ ᠤ ᠰᠣᠯᠢᠯᠴᠠᠭᠠᠨ ᠤ ᠲᠣᠬᠢᠶᠠᠯ ᠢ ᠭᠦᠢᠴᠡᠳ ᠠᠰᠢᠭᠯᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠪᠠᠯᠠ ᠮᠥᠩᠭᠦ ᠪᠣᠯᠤᠨ ᠬᠥᠮᠦᠨ ᠤ ᠬᠦᠴᠦᠨ ᠪᠣᠳᠠᠰ ᠤᠨ ᠬᠦᠴᠦᠨ ᠢ ᠲᠥᠯᠥᠪᠵᠢᠭᠦᠯᠦᠨ ᠨᠡᠶᠢᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号