ᠢᠦᠶ ᠴᠢᠤᠸᠠᠨ ᠲᠣᠭᠤᠷᠢᠭ ᠤᠨ ᠣᠯᠠᠨ ᠰᠠᠯᠠᠭ᠎ᠠ ᠮᠥᠴᠢᠷ ᠬᠠᠮᠲᠤᠷᠠᠨ ᠬᠤᠸᠠ ᠮᠧᠢ ᠮᠠᠰᠢᠨ ᠲᠡᠷᠭᠡᠨ ᠤ ᠰᠡᠯᠪᠢᠭ ᠲᠤᠨᠤᠭ ᠤᠨ ᠬᠤᠲᠠ ᠶᠢ ᠲᠥᠪᠯᠡᠷᠡᠭᠦᠯᠦᠨ ᠰᠥᠨᠢ ᠪᠠᠷ ᠪᠠᠶᠢᠴᠠᠭᠠᠪᠠ
ᠨᠡᠶᠢᠲᠡᠯᠡᠭᠰᠡᠨ ᠴᠠᠭ᠄
2024/12/19
     ᠬᠠᠷᠢᠶᠠᠲᠤ ᠣᠷᠣᠨ ᠤ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠡᠵᠡᠩᠨᠡᠯᠲᠡ ᠶᠢᠨ ᠲᠠᠯᠠᠪᠤᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ ᠡᠬᠢᠨ ᠠᠴᠠ ᠡᠬᠢᠯᠡᠨ᠂ ᠢᠦᠶ ᠴᠢᠤᠸᠠᠨ ᠲᠣᠭᠤᠷᠢᠭ ᠤᠨ ᠠᠪᠤᠷᠠᠨ ᠲᠤᠰᠠᠯᠠᠬᠤ ᠶᠡᠭᠡ ᠠᠩᠭᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠸᠠ ᠮᠧᠶ ᠮᠠᠰᠢᠨ ᠲᠡᠷᠭᠡᠨ ᠤ ᠰᠡᠯᠪᠢᠭ ᠲᠣᠨᠤᠭ ᠤᠨ ᠬᠤᠲᠠ ᠳᠤ ᠨᠢᠭᠡ ᠭᠠᠷᠠᠭ ᠤᠨ ᠬᠤᠭᠤᠴᠠᠭ᠎ᠠ ᠲᠠᠢ ︽ᠭᠤᠷᠪᠠ ᠶᠢ ᠨᠢᠭᠡᠳᠬᠡᠬᠦ︾ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠩᠭᠦᠶ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
     ᠪᠠᠶᠢᠴᠠᠭᠠᠯᠲᠠ ᠳᠤ ᠨᠡᠶᠢᠲᠡ 5 ᠲᠤᠰᠬᠠᠶ ᠳᠤᠭᠤᠶᠢᠯᠠᠩ ᠬᠤᠪᠢᠶᠠᠵᠤ᠂ ᠡᠮᠦᠨᠡᠬᠢ ᠬᠤᠭᠤᠴᠠᠭᠠᠨ ᠳᠤ ᠣᠯᠵᠤ ᠮᠡᠳᠡᠭᠰᠡᠨ ︽ᠭᠤᠷᠪᠠ ᠶᠢ ᠨᠢᠭᠡᠳᠬᠡᠬᠦ︾ ᠲᠠᠯᠠᠪᠤᠷ ᠲᠤ ᠪᠥᠬᠦ ᠲᠠᠯ᠎ᠠ ᠪᠠᠷ ᠳᠠᠬᠢᠨ ᠪᠠᠶᠢᠴᠠᠭᠠᠯᠲᠠ ᠬᠢᠵᠦ᠂ ᠲᠣᠭᠲᠠᠭᠠᠯ ᠠᠴᠠ ᠵᠥᠷᠢᠴᠡᠨ ᠬᠥᠮᠦᠨ ᠰᠠᠭᠤᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠶᠢᠨ ᠬᠠᠮᠲᠤ ᠵᠠᠯᠠᠷᠠᠭᠤᠯᠪᠠ᠃      ᠪᠠᠶᠢᠴᠠᠭᠠᠬᠤ ᠳᠤᠭᠤᠶᠢᠯᠠᠩ ᠤᠨ ᠬᠢᠨ ᠡᠳᠦᠷ ᠡᠵᠡᠩᠨᠡᠭᠰᠡᠨ ᠡᠰᠡᠬᠦ᠂ ᠣᠷᠣᠶ ᠬᠥᠮᠦᠨ ᠰᠠᠭᠤᠭᠰᠠᠨ ᠡᠰᠡᠬᠦ᠂ ᠳᠡᠯᠭᠡᠭᠦᠷ ᠳᠣᠲᠣᠷ᠎ᠠ ᠬᠤᠭᠤᠯᠠ ᠬᠢᠭᠰᠡᠨ ᠡᠰᠡᠬᠦ ᠵᠢᠴᠢ ᠭᠠᠯ ᠤᠨᠲᠠᠷᠠᠭᠠᠭᠤᠷ ᠢ ᠲᠣᠬᠢᠷᠠᠭᠤᠯᠤᠭᠰᠠᠨ ᠡᠰᠡᠬᠦ᠂ ᠴᠠᠬᠢᠯᠭᠠᠨ ᠤ ᠱᠤᠭᠤᠮ ᠢ ᠲᠠᠯᠪᠢᠬᠤ ᠨᠢ ᠳᠦᠷᠢᠮᠵᠢᠯ ᠲᠠᠢ ᠡᠰᠡᠬᠦ᠂ ᠴᠣᠩᠬᠤ ᠶᠢ ᠲᠣᠭᠲᠠᠭᠠᠯ ᠠᠴᠠ ᠵᠥᠷᠢᠴᠡᠨ ᠬᠤᠯᠠᠭᠠᠶ ᠶᠢ ᠰᠡᠷᠭᠡᠶᠢᠯᠡᠬᠦ ᠴᠣᠩᠬᠤ ᠲᠤᠬᠢᠷᠠᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠪᠠᠶᠢᠴᠠᠭᠠᠬᠤ ᠳᠤᠭᠤᠶᠢᠯᠠᠩ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠬᠤᠳᠠᠯᠳᠤᠭᠠᠴᠢᠨ ᠡᠷᠦᠬᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠰᠡᠷᠡᠮᠵᠢᠯᠡᠭᠦᠯᠬᠦ ᠬᠥᠮᠦᠵᠢᠯ ᠬᠢᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃
     ᠡᠨᠡ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠮᠠᠰᠢᠨ ᠲᠡᠷᠭᠡᠨ ᠤ ᠠᠷᠠᠯᠵᠢᠶᠠᠨ ᠤ ᠬᠤᠲᠠ ᠶᠢᠨ 500 ᠭᠠᠷᠤᠶ ᠬᠤᠳᠠᠯᠳᠤᠭᠠᠨ ᠤ ᠳᠡᠯᠭᠡᠭᠦᠷ ᠲᠤ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠬᠤᠳᠠᠯᠳᠤᠭᠠᠴᠢᠨ ᠡᠷᠦᠬᠡ ᠶᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠱᠠᠭᠠᠷᠳᠠᠵᠤ᠂ ᠬᠤᠳᠠᠯᠳᠤᠭᠠᠴᠢᠨ ᠡᠷᠦᠬᠡ ᠶᠢ ᠴᠠᠭ ᠢᠮᠠᠭᠲᠠ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ︽ᠬᠤᠨᠣᠬᠤ᠂ ᠦᠢᠯᠡᠳᠪᠦᠷᠢᠯᠡᠬᠦ᠂ ᠡᠵᠡᠩᠨᠡᠬᠦ︾  ᠶᠢ ᠰᠠᠯᠭᠠᠵᠤ᠂ ᠲᠠᠯᠠᠪᠤᠷ ᠭᠠᠵᠠᠷ ᠤᠨ ᠳᠣᠲᠣᠷᠠᠬᠢ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠬᠡᠶ ᠬᠡᠷᠡᠭᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠡᠷᠲᠡ ᠢᠯᠡᠷᠡᠭᠦᠯᠵᠦ᠂ ᠡᠷᠲᠡ ᠵᠠᠰᠠᠵᠤ᠂ ᠭᠠᠯ ᠤᠨ ᠭᠠᠮᠰᠢᠭ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠢᠳᠬᠠᠪᠠ᠃      ᠲᠣᠰ ᠤᠳᠠᠭᠠᠨ ᠤ ᠠᠵᠢᠯᠯᠠᠭ᠎ᠠ ᠨᠢ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠥᠭᠴᠦ᠂ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠵᠢᠴᠢ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠴᠢᠩᠭᠠᠷᠠᠭᠤᠯᠵᠤ᠂ ᠭᠠᠯ ᠤᠨ ᠠᠶᠤᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠪᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号