ᠡᠮᠦᠨ᠎ᠡ ᠲᠠᠶᠢᠰᠢ ᠲᠣᠰᠬᠤᠨ ᠲᠠᠷᠢᠶᠠᠯᠠᠩ ᠤᠨ ᠪᠦᠲᠦᠭᠡᠭᠳᠡᠬᠦᠨ ᠤ ᠦᠷᠭᠦᠯᠵᠢᠯᠡᠬᠦ ᠦᠢᠯᠡᠳᠪᠦᠷᠢᠯᠡᠯ ᠵᠢᠴᠢ ᠲᠠᠷᠢᠶᠠᠯᠠᠩ ᠤᠨ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠯ ᠰᠣᠯᠢᠯᠴᠠᠭᠠᠨ ᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/20
     ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠡᠮᠦᠨ᠎ᠡ ᠲᠠᠶᠢᠰᠢ ᠲᠤᠰᠬᠤᠨ ᠳᠤ ᠲᠠᠷᠢᠶᠠᠯᠠᠩ ᠤᠨ ᠪᠦᠲᠦᠭᠡᠭᠳᠡᠬᠦᠨ ᠤ ᠦᠷᠭᠦᠯᠵᠢᠯᠡᠬᠦ ᠦᠢᠯᠡᠳᠪᠦᠷᠢᠯᠡᠯ ᠵᠢᠴᠢ ᠲᠠᠷᠢᠶᠠᠯᠠᠩ ᠤᠨ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠯ ᠰᠣᠯᠢᠯᠴᠠᠭᠠᠨ ᠤ ᠬᠤᠷᠠᠯ ᠬᠢᠪᠡ᠃ ᠲᠣᠰ ᠤᠳᠠᠭᠠᠨ ᠤ ᠠᠵᠢᠯᠯᠠᠭ᠎ᠠ ᠶᠢ ᠰᠸᠧᠳᠧᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ︵IVL︶᠂ ᠳᠤᠮᠳᠠᠳᠤ ᠤᠯᠤᠰ ᠤᠨ ᠬᠤᠯᠪᠤᠭᠠᠲᠤ ᠡᠵᠡᠩᠨᠡᠯᠲᠡ ᠶᠢᠨ ᠨᠡᠶᠢᠭᠡᠮᠯᠢᠭ ︵CCFA︶ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠠᠵᠤ ᠠᠬᠤᠶ ᠬᠢᠭᠡᠳ ᠬᠥᠭᠵᠢᠯᠲᠡ ᠶᠢᠨ ᠰᠤᠳᠤᠯᠭᠠᠨ ᠤ ᠭᠠᠵᠠᠷ ︵IAED︶  ᠲᠠᠢ ᠬᠠᠮᠲᠤᠷᠠᠨ ᠭᠤᠤᠯᠯᠠᠨ ᠡᠷᠭᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠪᠣᠬᠢᠷᠲᠤᠯ ᠥᠬᠡᠶ ᠦᠷᠭᠦᠯᠵᠢᠯᠡᠬᠦ ᠴᠢᠭᠯᠡᠯ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠥᠯᠥᠭᠡ ᠶᠤᠮ᠃
     ᠲᠣᠰ ᠲᠥᠷᠥᠯ ᠵᠦᠢᠯ ᠨᠢ ᠲᠠᠷᠢᠶᠠᠯᠠᠩ ᠤᠨ ᠪᠦᠲᠦᠭᠡᠭᠳᠡᠬᠦᠨ ᠳᠠᠷᠢᠬᠤ ᠬᠢᠮᠢ ᠶᠢᠨ ᠪᠣᠳᠠᠰ ᠤᠨ ᠬᠡᠷᠡᠭᠯᠡᠯᠲᠡ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠰᠢᠨ ᠨᠣᠭᠤᠭ᠎ᠠ ᠵᠢᠮᠢᠰ ᠵᠡᠷᠭᠡ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠠ ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠵᠤ᠂ ᠲᠡᠭᠡᠭᠡᠪᠦᠷᠢ ᠶᠢᠨ ᠳᠤᠮᠳᠠᠬᠢ ᠬᠤᠷᠣᠭᠳᠠᠯ ᠪᠠ ᠪᠦᠷᠢᠯᠭᠡᠬᠦ ᠶᠢ ᠪᠠᠭᠠᠰᠬᠠᠵᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠡᠨᠧᠷᠭᠢ ᠶᠢᠨ ᠦᠷ᠎ᠡ ᠪᠦᠲᠦᠮᠵᠢ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠵᠢᠯ ᠲᠥᠷᠥᠯ ᠤᠨ ᠦᠷᠭᠦᠯᠵᠢᠯᠡᠨ ᠬᠥᠭᠵᠢᠬᠦ ᠳᠤ ᠬᠦᠴᠦᠲᠡᠶ ᠳᠡᠮᠵᠢᠯᠭᠡ ᠬᠠᠩᠭᠠᠪᠠ᠃
     ᠪᠣᠯᠪᠠᠰᠤᠷᠠᠯ ᠰᠣᠯᠢᠯᠴᠠᠭᠠᠨ ᠤ ᠬᠤᠷᠠᠯ ᠳᠡᠭᠡᠷ᠎ᠡ᠂ IVL ᠰᠸᠧᠳᠧᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠡᠷᠳᠡᠮᠲᠡᠳ ᠲᠤᠰᠬᠠᠢ ᠰᠡᠳᠦᠪᠲᠦ ᠪᠣᠯᠪᠠᠰᠤᠷᠠᠯ ᠬᠢᠵᠦ᠂ ᠡᠮᠦᠨ᠎ᠡ ᠲᠠᠶᠢᠰᠢ ᠲᠣᠰᠬᠤᠨ ᠤ ᠶᠡᠭᠡ ᠠᠩᠬᠢ ᠶᠢᠨ ᠲᠥᠯᠥᠭᠡᠯᠡᠭᠴᠢ ᠵᠢᠴᠢ ᠲᠠᠷᠢᠶᠠᠴᠢᠨ ᠤ ᠲᠥᠯᠥᠭᠡᠯᠡᠭᠴᠢ ᠨᠡᠶᠢᠳᠡ 100 ᠭᠠᠷᠤᠢ ᠬᠥᠮᠦᠨ ᠣᠷᠣᠯᠴᠠᠪᠠ᠃ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠸᠢᠳᠢᠣ᠋ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠦᠷᠭᠦᠯᠵᠢᠯᠡᠨ ᠲᠠᠷᠢᠬᠤ᠂ ᠭᠦᠢᠯᠭᠡᠭᠡᠨ ᠤ ᠭᠤᠭᠴᠤᠭ᠎ᠠ ᠶᠢᠨ ᠬᠤᠷᠣᠭᠳᠠᠯ ᠢ ᠪᠠᠭᠠᠰᠬᠠᠬᠤ᠂ ᠦᠷᠭᠦᠯᠵᠢᠯᠡᠬᠦ ᠪᠣᠭᠤᠳᠠᠯ ᠪᠠᠭᠯᠠᠭ᠎ᠠ ᠪᠠ ᠲᠡᠭᠡᠭᠡᠪᠦᠷᠢ ᠵᠡᠷᠭᠡ ᠣᠶᠢᠯᠠᠭᠠᠭᠳᠠᠬᠤᠨ ᠪᠠ ᠠᠷᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠬᠤ ᠶᠢᠨ ᠬᠠᠮᠲᠤ ᠲᠥᠷᠥᠯ ᠵᠦᠢᠯ ᠤᠨ ᠳᠤᠭᠤᠶᠢᠯᠠᠩ ᠤᠨ ᠨᠡᠭᠡᠭᠡᠨ ᠬᠥᠭᠵᠢᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠦᠷᠭᠦᠯᠵᠢᠯᠡᠬᠦ ᠦᠢᠯᠡᠳᠪᠦᠷᠢᠯᠡᠯ ᠤᠨ ᠵᠢᠵᠢᠭ ᠫᠷᠤᠭ᠍ᠷᠠᠮ ᠢ ᠬᠡᠷᠬᠢᠨ ᠬᠡᠷᠡᠭᠯᠡᠬᠦ ᠲᠤᠬᠠᠶ ᠲᠠᠨᠢᠯᠴᠠᠭᠤᠯᠵᠤ᠂ ᠲᠠᠷᠢᠶᠠᠴᠢᠳ ᠤᠨ ᠦᠷᠭᠦᠯᠵᠢᠯᠡᠨ ᠭᠠᠷ ᠤᠲᠠᠰᠤ ᠪᠠᠷ ᠳᠠᠮᠵᠢᠨ ᠭᠦᠨᠵᠡᠭᠡᠶ ᠰᠤᠷᠤᠯᠴᠠᠬᠤ ᠪᠠ ᠬᠠᠶᠢᠨ ᠰᠦᠪᠡᠭᠴᠢᠯᠡᠬᠦ ᠳᠤ ᠲᠥᠬᠦᠮ ᠦᠵᠡᠭᠦᠯᠦᠭᠰᠡᠨ ᠪᠠᠶᠢᠨ᠎ᠠ᠃ ᠲᠤᠬᠠᠶ ᠶᠢᠨ ᠲᠠᠯᠠᠪᠤᠷ ᠲᠤ ᠪᠠᠰᠠ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠬᠤ ᠭᠤᠭᠴᠤᠭ᠎ᠠ ᠭᠠᠷᠭᠠᠵᠤ᠂ ᠲᠤᠰᠬᠠᠶ ᠮᠡᠷᠭᠡᠵᠢᠯᠲᠡᠳ ᠲᠠᠷᠢᠶᠠᠴᠢᠨ ᠨᠠᠶᠢᠵᠠ ᠨᠠᠷ ᠲᠤ ᠨᠢᠭᠡᠳ ᠨᠢᠭᠡ ᠪᠠᠷ ᠠᠰᠠᠭᠤᠯᠲᠠ ᠬᠠᠷᠢᠭᠤᠯᠵᠤ᠂ ᠲᠦᠭᠦᠬᠡᠶ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠦᠷᠭᠦᠯᠵᠢᠯᠡᠬᠦ ᠬᠥᠭᠵᠢᠯᠲᠡ ᠳᠤ ᠰᠢᠨ᠎ᠡ ᠰᠡᠳᠬᠢᠴᠡ ᠪᠠ ᠰᠢᠨ᠎ᠡ ᠠᠷᠭ᠎ᠠ ᠵᠠᠮ ᠢ ᠨᠡᠭᠡᠭᠡᠵᠦ ᠥᠭᠴᠡᠶ᠃
     ᠲᠣᠰ ᠤᠳᠠᠭᠠᠨ ᠤ ᠲᠥᠷᠥᠯ ᠵᠦᠢᠯ ᠢ ᠬᠡᠷᠡᠭᠵᠢᠭᠦᠯᠬᠦ ᠨᠢ ᠪᠣᠬᠢᠷᠲᠤᠯ ᠥᠬᠡᠶ ᠮᠡᠷᠭᠡᠵᠢᠯ ᠢ ᠲᠠᠷᠢᠶᠠᠯᠠᠩ ᠤᠨ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠬᠦᠴᠦᠲᠡᠶ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠵᠢᠯ ᠲᠥᠷᠥᠯ ᠳᠤ ᠦᠷᠭᠦᠯᠵᠢᠯᠡᠬᠦ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ᠂ ᠲᠠᠷᠢᠶᠠᠯᠠᠩ ᠤᠨ ᠣᠳᠣᠬᠢᠴᠢᠯᠠᠯᠲᠠ ᠬᠢᠭᠡᠳ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠠᠯᠬᠤᠴᠠ ᠶᠢ ᠲᠦᠷᠭᠡᠳᠬᠡᠨ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠪᠣᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号