ᠢᠦᠢ ᠴᠢᠤᠸᠠᠨ ᠲᠣᠭᠤᠷᠢᠭ ᠤᠨ ᠨᠣᠮ ᠤᠨ ᠰᠠᠩ ︽ᠤᠮᠠᠷᠠᠲᠤ ᠬᠢᠯᠢ ᠶᠢᠨ ᠤᠩᠰᠢᠯᠭ᠎ᠠ  ᠪᠢᠴᠢᠭ ᠤᠨ ᠰᠤᠷᠪᠤᠯᠵᠢᠲᠤ ᠢᠦᠢ ᠴᠢᠤᠸᠠᠨ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/12/24
     ᠤᠶᠢᠷ᠎ᠠ ᠶᠢᠨ ᠡᠳᠦᠷ᠂ ᠪᠦᠬᠦ ᠠᠷᠠᠳ ᠤᠨ ᠨᠣᠮ ᠤᠩᠰᠢᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠢᠴᠢᠭ ᠤᠨ ᠰᠤᠷᠪᠤᠯᠵᠢᠲᠤ ᠢᠦᠢ ᠴᠢᠤᠸᠠᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠤᠰᠠᠳᠠ᠂ ᠢᠦᠢ ᠴᠢᠤᠸᠠᠨ ᠲᠣᠭᠤᠷᠢᠭ ᠤᠨ ᠨᠣᠮ ᠤᠨ ᠰᠠᠩ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠤᠮᠠᠷᠠᠲᠤ ᠬᠢᠯᠢ ᠶᠢᠨ ᠤᠩᠰᠢᠯᠭ᠎ᠠ  ᠪᠢᠴᠢᠭ ᠤᠨ ᠰᠤᠷᠪᠤᠯᠵᠢᠲᠤ ᠢᠦᠢ ᠴᠢᠤᠸᠠᠨ︾ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ︽ᠬᠠᠭᠤᠴᠢᠨ ᠵᠡᠭᠡᠯᠢ ᠶᠢᠨ ᠬᠠᠭᠤᠴᠢᠨ ᠦᠢᠯᠡᠰ︾ ᠭᠡᠬᠦ ᠨᠣᠮ ᠢ ᠤᠷᠪᠠᠭᠤᠯᠬᠤ ᠪᠠᠷ ᠠᠵᠠ ᠲᠣᠬᠢᠶᠠᠯ ᠪᠣᠯᠭᠠᠵᠤ᠂ ᠢᠦᠢ ᠴᠢᠤᠸᠠᠨ ᠲᠣᠭᠤᠷᠢᠭ ᠤᠨ ᠬᠠᠭᠤᠴᠢᠨ ᠵᠡᠭᠡᠯᠢ ᠶᠢᠨ ᠲᠡᠦᠬᠡ ᠶᠢᠨ ᠦᠯᠢᠭᠡᠷ ᠪᠠ ᠰᠣᠶᠣᠯ ᠤᠨ ᠠᠭᠤᠯᠬᠤᠨ ᠢ ᠭᠦᠨᠵᠡᠭᠡᠶ ᠠᠭᠤᠳᠠᠯᠤᠨ ᠶᠠᠷᠢᠵᠤ᠂ ᠬᠤᠲᠠ ᠶᠢᠨ ᠠᠷᠠᠳ ᠤᠨ ᠤᠭ ᠨᠤᠲᠤᠭ ᠤᠨ ᠰᠣᠶᠣᠯ ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠤᠬᠠᠮᠰᠠᠷ ᠢ ᠬᠥᠭᠵᠢᠭᠡᠬᠦ ᠶᠢᠨ ᠲᠥᠯᠥᠭᠡ ᠶᠤᠮ᠃
     ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠳᠤ ᠶᠠᠪᠤᠭᠳᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠠᠯᠳᠠᠷᠲᠤ ᠡᠷᠳᠡᠮᠲᠡᠨ ᠼᠤᠤ ᠵᠢᠶᠠᠨ ᠴᠧᠩ ᠠᠪᠤᠭᠠᠢ ᠤᠷᠢᠯᠭ᠎ᠠ ᠪᠠᠷ ᠲᠠᠶᠢᠰᠠᠨ ᠳᠤ ᠭᠠᠷᠴᠤ᠂ ᠲᠡᠷᠡ ︽ᠬᠠᠭᠤᠴᠢᠨ ᠵᠡᠭᠡᠯᠢ ᠶᠢᠨ ᠬᠠᠭᠤᠴᠢᠨ ᠦᠢᠯᠡᠰ︾ ᠭᠡᠬᠦ ᠨᠣᠮ ᠢ ᠵᠣᠬᠢᠶᠠᠨ ᠪᠦᠲᠦᠭᠡᠭᠰᠡᠨ ᠠᠬᠤᠢ ᠪᠠᠶᠢᠳᠠᠯ ᠪᠣᠯᠤᠨ ᠭᠤᠣᠯ ᠠᠭᠤᠯᠭ᠎ᠠ ᠶᠢ ᠭᠦᠨ ᠰᠡᠳᠭᠢᠯᠭᠡ ᠲᠠᠢ ᠪᠠᠷ ᠶᠠᠷᠢᠪᠠ᠃ ᠲᠤᠰ ᠨᠣᠮ ᠳᠤ ᠬᠥᠬᠡᠬᠤᠲᠠ ᠶᠢᠨ ᠵᠠᠭᠤ ᠰᠢᠬᠠᠮ ᠵᠢᠯ ᠤᠨ ᠲᠤᠷᠰᠢᠬᠢ ᠬᠠᠭᠤᠴᠢᠨ ᠵᠡᠭᠡᠯᠢ ᠭᠤᠳᠤᠮᠵᠢ᠂ ᠬᠠᠭᠤᠴᠢᠨ ᠠᠵᠢᠯ ᠲᠦᠷᠦᠯ ᠵᠢᠴᠢ ᠲᠡᠭᠦᠨ ᠳᠤ ᠠᠴᠢᠶᠠᠯᠠᠭᠰᠠᠨ ᠠᠷᠠᠳ ᠤᠨ ᠵᠠᠩ ᠳᠠᠳᠬᠠᠯ᠂ ᠠᠯᠳᠠᠷᠲᠤ ᠦᠵᠡᠮᠵᠢ ᠡᠷᠲᠡᠨ ᠤ ᠪᠠᠭᠤᠷᠢ᠂ ᠠᠮᠲᠠᠲᠤ ᠢᠳᠡᠭᠡᠨ ᠤ ᠨᠡᠷᠡᠲᠦ ᠳᠡᠯᠭᠡᠭᠦᠷ ᠵᠡᠷᠭᠡ ᠠᠭᠤᠯᠭ᠎ᠠ ᠶᠢ ᠨᠠᠷᠢᠨ ᠲᠡᠮᠳᠡᠭᠯᠡᠨ ᠲᠣᠭᠠᠴᠢᠭᠰᠠᠨ ᠪᠠᠶᠢᠨ᠎ᠠ᠂ ᠡᠨᠡ ᠪᠣᠯ ᠢᠦᠢ ᠴᠢᠤᠸᠠᠨ ᠲᠣᠭᠤᠷᠢᠭ ᠤᠨ ᠲᠡᠦᠬᠡ ᠰᠣᠶᠣᠯ ᠢ ᠲᠡᠮᠳᠡᠭᠯᠡᠨ ᠲᠣᠭᠠᠴᠢᠭᠰᠠᠨ ᠴᠢᠬᠤᠯᠠ ᠤᠩᠰᠢᠬᠤ ᠪᠢᠴᠢᠭ ᠪᠣᠯᠤᠨ᠎ᠠ᠃ ᠼᠤᠤ ᠵᠢᠶᠠᠨ ᠴᠧᠩ ᠠᠪᠤᠭᠠᠢ ᠠᠮᠢᠳᠤᠯᠢᠭ ᠦᠭᠡ ᠬᠡᠯᠡ ᠪᠠᠷ ᠲᠤᠬᠠᠢ ᠶᠢᠨ ᠲᠠᠯᠠᠪᠠᠢ ᠶᠢᠨ ᠬᠤᠳᠠ ᠶᠢᠨ ᠠᠷᠠᠳ ᠢ ᠳᠠᠭᠠᠭᠤᠯᠤᠨ ᠴᠠᠭ ᠣᠷᠣᠨ ᠵᠠᠢ ᠶᠢ ᠭᠡᠲᠦᠯᠦᠨ ᠲᠡᠷᠡ ᠬᠦ ᠬᠥᠭᠵᠢᠶᠡᠨ ᠨᠠᠷᠭᠢᠶᠠᠨ ᠲᠠᠢ ᠬᠠᠭᠤᠴᠢᠨ ᠬᠤᠳᠠ ᠳᠠᠭᠠᠨ ᠪᠤᠴᠠᠵᠠᠢ᠃
     ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠦᠵᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠢᠦᠶ ᠴᠢᠤᠸᠠᠨ ᠲᠣᠭᠤᠷᠢᠭ ᠤᠨ ᠬᠠᠭᠤᠴᠢᠨ ᠵᠡᠭᠡᠯᠢ ᠶᠢᠨ ᠰᠣᠶᠣᠯ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠣᠮ ᠤᠨ ᠰᠠᠩ ᠤᠨ ᠬᠤᠲᠠ ᠶᠢᠨ ᠠᠷᠠᠳ ᠲᠤ ᠬᠠᠩᠭᠠᠭᠰᠠᠨ ᠴᠢᠨᠠᠷ ᠰᠠᠶᠢᠲᠠᠶ ᠰᠣᠶᠣᠯ ᠤᠨ ᠦᠢᠯᠡᠴᠢᠯᠡᠭᠡ ᠶᠢ ᠮᠡᠳᠡᠷᠡᠵᠡᠶ᠃ ᠨᠣᠮ ᠤᠨ ᠰᠠᠩ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠨᠠᠩ ᠣᠯᠠᠨ ᠬᠤᠲᠠ ᠶᠢᠨ ᠠᠷᠠᠳ ᠢ ᠪᠥᠬᠦ ᠠᠷᠠᠳ ᠤᠨ ᠤᠩᠰᠢᠯᠭ᠎ᠠ ᠶᠢᠨ ᠡᠩᠨᠡᠭᠡᠨ ᠳᠤ ᠣᠷᠣᠯᠴᠠᠭᠤᠯᠬᠤ ᠵᠠᠪᠰᠢᠶᠠᠨ ᠲᠠᠢ ᠪᠣᠯᠭᠠᠬᠤ ᠶᠢ ᠬᠦᠰᠡᠵᠦ ᠪᠠᠶᠢᠨ᠎ᠠ᠃
     ᠲᠣᠰ ᠤᠳᠠᠭᠠᠨ ᠤ ︽ᠤᠮᠠᠷᠠᠲᠤ ᠬᠢᠯᠢ ᠶᠢᠨ ᠤᠩᠰᠢᠯᠭ᠎ᠠ  ᠪᠢᠴᠢᠭ ᠤᠨ ᠰᠤᠷᠪᠤᠯᠵᠢᠲᠤ ᠢᠦᠢ ᠴᠢᠤᠸᠠᠨ︾ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠤᠨ ᠪᠥᠬᠦ ᠠᠷᠠᠳ ᠤᠨ ᠤᠩᠰᠢᠯᠭ᠎ᠠ ᠶᠢ ᠠᠬᠢᠭᠤᠯᠬᠤ᠂ ᠪᠢᠴᠢᠭ ᠤᠨ ᠰᠤᠷᠪᠤᠯᠵᠢᠲᠤ ᠨᠡᠶᠢᠭᠡᠮ ᠢ ᠪᠥᠲᠥᠭᠡᠨ ᠪᠠᠶᠢᠭᠤᠯᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠢᠦᠢ ᠴᠢᠤᠸᠠᠨ ᠲᠣᠭᠤᠷᠢᠭ ᠤᠨ ᠲᠡᠦᠬᠡ ᠰᠣᠶᠣᠯ ᠢ ᠤᠯᠠᠮ ᠨᠢᠭᠡ ᠠᠯᠬᠤᠮ ᠠᠭᠤᠳᠠᠯᠤᠨ ᠤᠯᠠᠮᠵᠢᠯᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠨᠣᠮ ᠤᠨ ᠰᠠᠩ ᠦᠷᠭᠦᠯᠵᠢᠯᠡᠨ ᠴᠢᠷᠮᠠᠶᠢᠵᠤ᠂ ᠥᠷᠭᠡᠨ ᠤᠯᠠᠨ ᠬᠤᠳᠠ ᠶᠢᠨ ᠠᠷᠠᠳ ᠲᠤ ᠨᠡᠩ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠣᠯᠤᠨ ᠦᠢᠯᠡᠴᠢᠯᠡᠭᠡ ᠬᠠᠩᠭᠠᠵᠤ᠂ ᠪᠢᠴᠢᠭ ᠤᠨ ᠰᠤᠷᠪᠤᠯᠵᠢᠲᠤ ᠢᠦᠢ ᠴᠢᠤᠸᠠᠨ ᠤ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号