ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠰᠢᠨ᠎ᠡ ᠣᠨ ᠤ ᠪᠠᠶᠠᠷ ᠤᠨ ᠦᠭᠡ ᠨᠡᠶᠢᠲᠡᠯᠡᠬᠦ ᠪᠠᠷ ᠪᠣᠶ
ᠨᠡᠶᠢᠲᠡᠯᠡᠭᠰᠡᠨ ᠴᠠᠭ᠄
2024/12/30
     ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 30 ᠤ ᠴᠠᠬᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 31 ᠤ ᠡᠳᠦᠷ ᠤᠨ ᠣᠷᠣᠢ ᠶᠢᠨ 7 ᠴᠠᠭ ᠲᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ᠂ 2025 ᠣᠨ ᠤ ᠰᠢᠨ᠎ᠡ ᠣᠨ ᠤ ᠪᠠᠶᠠᠷ ᠤᠨ ᠦᠭᠡ ᠨᠡᠶᠢᠲᠡᠯᠡᠨ᠎ᠡ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠳᠤ ᠬᠠᠷᠢᠶᠠᠯᠠᠭᠳᠠᠬᠤ ᠲᠥᠪ ᠤᠨ ᠲᠧᠯᠸᠢᠰ ᠬᠤᠷᠢᠶᠠᠨ ᠤ ᠶᠡᠷᠦᠩᠬᠡᠶᠢᠯᠡᠭᠰᠡᠨ ᠰᠤᠪᠠᠭ᠂ ᠰᠣᠨᠢᠨ ᠮᠡᠳᠡᠭᠡᠨ ᠤ ᠰᠤᠪᠠᠭ᠂ ᠬᠢᠲᠠᠳ ᠬᠡᠯᠡᠨ ᠤ ᠣᠯᠠᠨ ᠤᠯᠤᠰ ᠤᠨ ᠰᠤᠪᠠᠭ᠂ 4K ᠰᠤᠪᠠᠭ᠂ ᠳᠤᠮᠳᠠᠳᠤ ᠤᠯᠤᠰ ᠤᠨ ᠣᠯᠠᠨ ᠤᠯᠤᠰ ᠤᠨ ᠲᠧᠯᠸᠢᠰ ᠬᠤᠷᠢᠶᠠᠨ ᠤ ᠭᠠᠳᠠᠭᠠᠳᠤ ᠬᠡᠯᠡᠨ ᠤ ᠰᠤᠪᠠᠭ ᠤᠳ᠂ ᠲᠥᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠣᠯᠠᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠵᠢᠴᠢ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠲᠧᠯᠸᠢᠰ ᠤᠨ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ ᠵᠡᠷᠭᠡ ᠲᠥᠪ ᠬᠤᠷᠢᠶᠠᠨ ᠤ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠲᠤ ᠬᠠᠷᠢᠶᠠᠯᠠᠭᠳᠠᠬᠤ ᠪᠠᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠴᠠᠭ ᠲᠤᠬᠠᠢ ᠳᠤ ᠨᠢ ᠨᠡᠪᠲᠡᠷᠡᠭᠦᠯᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号