ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠬᠦ ᠵᠢᠴᠢ ᠱᠠᠩᠨᠠᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/31
     ᠶᠡᠷᠦᠩᠬᠡᠶ ᠱᠦᠵᠢ ᠰᠢ ᠶᠢᠨ ᠫᠢᠩ ᠤᠨ ᠪᠠᠭᠠᠴᠤᠳ ᠬᠡᠤᠬᠡᠳ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠠᠵᠢᠯ ᠤᠨ ᠬᠤᠷᠢᠶ᠎ᠠ ︽ᠤᠯᠠᠭᠠᠨ ᠪᠥᠴᠡᠲᠡᠨ ᠡᠬᠡ ᠤᠯᠤᠰ ᠢᠶᠠᠨ ᠬᠠᠶᠢᠷᠠᠯᠠᠨ᠎ᠠ᠂ ᠪᠢ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠤᠶᠢᠵᠢᠨ᠎ᠠ︾ ᠭᠡᠬᠦ ᠨᠠᠢᠮᠠᠳᠤᠭᠠᠷ ᠬᠤᠭᠤᠴᠠᠭᠠᠨ ᠤ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠴᠤᠭ ᠵᠢᠪᠬᠤᠭ᠎ᠠ ᠶᠢᠨ ᠤᠷᠤᠯᠳᠤᠭᠠᠨ ᠵᠢᠴᠢ ᠱᠠᠩᠨᠠᠯ ᠣᠯᠭᠤᠬᠤ ᠶᠣᠰᠣᠯᠠᠯ ᠢ ᠢᠳᠡᠪᠬᠢᠲᠡᠶ ᠤᠬᠠᠭᠠᠯᠠᠨ ᠦᠷᠨᠢᠭᠦᠯᠪᠡ᠃
     ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠲᠥᠪ ᠬᠢᠴᠢᠶᠡᠩᠭᠦᠢ ᠪᠠᠶᠢᠯ᠎ᠠ᠃ ᠡᠬᠢᠯᠡᠯᠲᠡ ᠶᠢᠨ ᠶᠣᠰᠣᠯᠠᠯ ᠳᠤ᠂ ᠰᠤᠷᠤᠭᠴᠢ ᠰᠦᠨ ᠵᠢᠩ ᠬᠠᠨ ᠠᠴᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠳᠤᠮᠳᠠᠬᠢ ︽ᠥᠷᠯᠥᠭ ᠬᠦᠰᠢᠶ᠎ᠠ︾ ᠶᠢᠨ ᠦᠯᠢᠭᠡᠷ ᠢ ᠭᠦᠨ ᠰᠡᠳᠭᠢᠯᠭᠡ ᠲᠠᠢ ᠪᠠᠷ ᠶᠠᠷᠢᠵᠤ᠂ ᠤᠯᠠᠭᠠᠨ ᠴᠡᠷᠢᠭ ᠤᠨ ᠪᠠᠶᠢᠯᠳᠤᠭᠴᠢᠳ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠦᠷᠡᠭᠳᠡᠭᠦᠯᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠰᠣᠨᠣᠰᠤᠭᠴᠢ ᠨᠢᠭᠡᠪᠦᠷᠢ ᠳᠤ ᠴᠥᠮ ᠲᠡᠷᠡᠬᠦ ᠰᠦᠷ ᠳᠠᠯᠠᠶᠢᠴᠠᠲᠠᠢ ᠬᠤᠪᠢᠰᠬᠠᠯ ᠤᠨ ᠤᠨ ᠰᠠᠷ᠎ᠠ ᠶᠢ ᠤᠶᠢᠯᠠᠭᠠᠭᠤᠯᠵᠤ᠂ ᠪᠦᠬᠦ᠋ᠢᠯᠡ ᠠᠵᠢᠯᠯᠠᠭ᠎ᠠ ᠳᠤ ᠣᠮᠤᠭ ᠲᠡᠭᠦᠯᠳᠡᠷ ᠬᠤᠪᠢᠰᠬᠠᠯ ᠤᠨ ᠬᠦᠭ ᠠᠶᠠᠰ ᠢᠶᠠᠷ ᠰᠠᠭᠤᠷᠢ ᠲᠠᠯᠪᠢᠭᠰᠠᠨ ᠪᠠᠶᠢᠯ᠎ᠠ᠃
     ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠰᠤᠷᠭᠠᠭᠤᠯᠢ ᠶᠢᠨ ᠡᠯ᠎ᠡ ᠳᠤᠮᠳᠠ ᠠᠩᠭᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠱᠠᠲᠤ ᠱᠠᠲᠤ ᠪᠠᠷ ᠰᠣᠩᠭᠤᠨ ᠲᠠᠨᠢᠯᠴᠠᠭᠤᠯᠬᠤ ᠪᠠᠷ ᠳᠠᠮᠵᠢᠭᠤᠯᠤᠨ᠂ ᠨᠡᠶᠢᠲᠡ 48 ᠰᠢᠯᠢᠳᠡᠭ ᠭᠡᠰᠢᠭᠦᠨ ᠴᠣᠯᠭᠤᠷᠠᠨ ᠭᠠᠷᠴᠤ᠂ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠬᠤᠷᠴᠠ ᠰᠢᠷᠦᠭᠦᠨ ᠥᠷᠢᠰᠥᠯᠳᠦᠭᠡᠨ ᠳᠤ ᠣᠷᠣᠯᠴᠠᠪᠠ᠃ ᠲᠡᠳᠡ ᠣᠷᠭᠢᠯᠤᠮ᠎ᠠ ᠬᠠᠯᠠᠭᠤᠨ ᠰᠡᠳᠬᠢᠯᠭᠡ᠂ ᠠᠮᠢᠳᠤᠯᠢᠭ ᠰᠠᠶᠢᠬᠠᠨ ᠦᠭᠡ ᠬᠡᠯᠡ ᠪᠠ ᠴᠢᠩ ᠦᠨᠡᠨᠴᠢ ᠰᠡᠳᠬᠢᠯᠭᠡ ᠪᠠᠷ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠬᠤᠪᠢᠰᠬᠠᠯ ᠤᠨ ᠦᠯᠢᠭᠡᠷ ᠢ ᠶᠠᠷᠢᠵᠤ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠴᠤᠭ ᠵᠢᠪᠬᠤᠭ᠎ᠠ ᠪᠠ ᠡᠭᠦᠷᠭᠡᠯᠡᠯ ᠢ ᠢᠯᠡᠷᠡᠭᠦᠯᠪᠡ᠃ ᠰᠢᠯᠭᠠᠷᠠᠭᠤᠯᠬᠤ ᠵᠦᠪᠯᠡᠯ ᠤᠨ ᠭᠡᠰᠢᠭᠦᠳ ᠤᠨ ᠨᠠᠷᠢᠨ ᠬᠢᠨᠠᠮᠠᠭᠠᠶ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠬᠠᠮᠤᠭ ᠤᠨ ᠡᠴᠦᠰ ᠲᠤ 13 ᠭᠡᠰᠢᠭᠦᠨ ᠭᠠᠷᠮᠠᠭᠠᠶ ᠢᠯᠡᠷᠡᠯ ᠢᠶᠠᠷ ᠢᠶᠠᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ 13 ᠭᠡᠰᠢᠭᠦᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ 8 ᠭᠡᠰᠢᠭᠦᠨ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ 15 ᠭᠡᠰᠢᠭᠦᠨ ᠰᠢᠯᠢᠳᠡᠭ ᠱᠠᠩᠨᠠᠯ ᠭᠥᠷᠳᠡᠵᠦ᠂ 15 ᠳᠤᠮᠳᠠ ᠠᠩᠭᠢ ᠶᠢᠨ ᠬᠠᠪᠰᠤᠷᠤᠨ ᠵᠢᠯᠣᠭᠤᠳᠣᠭᠴᠢ ᠰᠢᠯᠢᠳᠡᠭ ᠬᠠᠪᠰᠤᠷᠤᠨ ᠵᠢᠯᠣᠭᠤᠳᠤᠭᠴᠢ ᠶᠢᠨ ᠴᠣᠯᠠ ᠭᠥᠷᠳᠡᠵᠦ᠂ 15 ᠳᠤᠮᠳᠠ ᠠᠩᠭᠢ ᠴᠤ ᠭᠠᠷᠮᠠᠭᠠᠶ ᠪᠦᠯᠬᠦᠮ ᠤᠨ ᠢᠯᠡᠷᠡᠯ ᠠᠴᠠ ᠪᠣᠯᠵᠣ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃
     ᠲᠤᠰ ᠤᠳᠠᠭᠠᠨ ᠤ ᠤᠷᠤᠯᠳᠤᠭᠠᠨ ᠨᠢ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠥᠭᠦᠷᠭᠡ ᠶᠢ ᠠᠮᠵᠢᠯᠲᠠ ᠲᠠᠢ ᠪᠤᠰᠬᠠᠵᠠᠢ᠃ ᠲᠡᠷᠡ ᠬᠤᠪᠢᠰᠬᠠᠯ ᠤᠨ ᠤᠳᠤᠮᠰᠢᠯ ᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠲᠡᠳᠡᠨ ᠤ ᠬᠤᠪᠢᠰᠬᠠᠯ ᠤᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠠᠯᠤᠰ ᠬᠡᠳᠦ ᠶᠢᠨ ᠵᠣᠷᠢᠯᠲᠠ ᠲᠠᠢ᠂ ᠴᠢᠷᠮᠠᠶᠢᠨ ᠰᠤᠷᠤᠯᠴᠠᠵᠤ᠂ ᠦᠰᠦᠨ ᠪᠤᠶᠢᠵᠢᠬᠤ ᠵᠠᠮ ᠳᠡᠭᠡᠷ᠎ᠡ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠤᠯᠠᠭᠠᠨ ᠪᠦᠴᠡ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠵᠣᠷᠢᠭᠵᠢᠭᠤᠯᠪᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号