ᠢᠦᠢ ᠴᠢᠤᠸᠠᠨ ᠲᠣᠭᠤᠷᠢᠭ ᠦᠨᠳᠦᠰᠦᠨ ᠱᠠᠲᠤᠨ ᠤ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/12/4
     ᠦᠨᠳᠦᠰᠦᠨ ᠱᠠᠲᠤᠨ ᠤ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠬᠦᠴᠦᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠵᠦ᠂ ᠬᠠᠷᠢᠶᠠᠲᠤ ᠣᠷᠣᠨ ᠤ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠲᠦᠷᠦᠭᠦᠬᠡᠨ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠢᠦᠢ ᠴᠢᠤᠸᠠᠨ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ  ᠶᠡᠷᠦᠩᠬᠡᠶᠢᠯᠡᠨ ᠵᠠᠰᠠᠬᠤ ᠲᠥᠪ ᠲᠠᠢ ᠬᠠᠮᠲᠤᠷᠠᠨ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠦᠨᠳᠦᠰᠦᠨ ᠱᠠᠲᠤᠨ ᠤ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠣᠯᠪᠠᠰᠤᠷᠠᠯ ᠤᠨ ᠬᠤᠷᠠᠯ ᠥᠷᠨᠢᠭᠦᠯᠪᠡ᠃ ᠪᠥᠬᠦ ᠲᠤᠭᠤᠷᠢᠭ ᠤᠨ 100 ᠭᠠᠷᠤᠶ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃
     ᠪᠣᠯᠪᠠᠰᠤᠷᠠᠯ ᠳᠤᠮᠳᠠ᠂ ᠵᠠᠩ ᠾᠦᠢ ᠬᠠᠤᠯᠢᠴᠢ ᠠᠴᠠ ᠭᠡᠷ ᠪᠦᠯᠢ ᠶᠢᠨ ᠬᠦᠴᠦᠷᠬᠡᠭᠯᠡᠯ ᠤᠨ ᠤᠬᠠᠭᠳᠠᠬᠤᠨ ᠪᠠ ᠲᠥᠷᠥᠯ ᠬᠡᠯᠪᠡᠷᠢ᠂ ᠭᠡᠷ ᠪᠦᠯᠢ ᠶᠢᠨ ᠬᠦᠴᠦᠷᠬᠡᠭᠯᠡᠯ ᠤᠨ ᠣᠷᠣᠰᠢᠵᠤ ᠪᠠᠶᠢᠭ᠎ᠠ ᠰᠢᠯᠲᠠᠭᠠᠨ ᠪᠠ ᠣᠳᠣᠬᠢ ᠪᠠᠶᠢᠳᠠᠯ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠬᠤ ᠠᠷᠭ᠎ᠠ ᠪᠣᠳᠣᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠠᠷᠢᠨ ᠲᠠᠶᠢᠯᠤᠮᠵᠢ ᠬᠢᠵᠦ᠂ ᠭᠡᠷ ᠪᠦᠯᠢ ᠶᠢᠨ ᠬᠦᠴᠦᠷᠬᠡᠭᠯᠡᠯ ᠢ ᠡᠷᠡᠰ ᠰᠡᠷᠭᠡᠶᠢᠯᠡᠨ ᠬᠤᠷᠢᠭᠯᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠶᠢ ᠤᠷᠢᠶᠠᠯᠠᠪᠠ᠃      ᠳᠠᠷᠠᠭ᠎ᠠ ᠨᠢ᠂ ᠵᠠᠩ ᠾᠦᠢ ᠬᠠᠤᠯᠢᠴᠢ ᠠᠮᠢᠳᠤᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠡᠷ ᠪᠦᠯᠢ ᠶᠢᠨ ᠬᠦᠴᠦᠷᠬᠡᠭᠯᠡᠯ ᠢ ᠮᠠᠭᠠᠳᠯᠠᠨ ᠲᠣᠭᠲᠠᠭᠠᠬᠤ᠂ ᠰᠡᠷᠭᠡᠶᠢᠯᠡᠬᠦ᠂ ᠠᠷᠢᠯᠭᠠᠬᠤ ᠵᠢᠴᠢ ᠬᠥᠮᠦᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠭᠤᠶᠤᠴᠢᠯᠠᠬᠤ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠠᠰᠠᠭᠤᠳᠠᠯ ᠢ ᠨᠠᠷᠢᠨ ᠲᠠᠶᠢᠯᠪᠤᠷᠢᠯᠠᠭᠰᠠᠨ ᠪᠥᠭᠡᠳ ᠬᠤᠬᠢᠷᠠᠯ ᠠᠮᠰᠠᠭᠴᠢ ᠳᠤ ᠭᠡᠷ ᠪᠦᠯᠢ ᠶᠢᠨ ᠬᠦᠴᠦᠷᠬᠡᠭᠯᠡᠯ ᠤᠨ ᠠᠶᠤᠯ ᠲᠦᠭᠰᠢᠭᠦᠷᠢ ᠶᠢᠨ ᠡᠮᠦᠨ᠎ᠡ ᠥᠪᠡᠷ ᠢ ᠪᠠᠨ ᠠᠪᠤᠷᠠᠬᠤ ᠠᠷᠭ᠎ᠠ ᠬᠡᠮᠵᠢᠶ᠎ᠡ᠂ ᠲᠡᠳᠬᠦᠬᠦ ᠠᠷᠭ᠎ᠠ ᠵᠠᠮ ᠢ ᠬᠤᠪᠢᠶᠠᠯᠴᠠᠪᠠ᠃
     ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠬᠠᠷᠢᠶᠠᠲᠤ ᠣᠷᠣᠨ ᠤ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠢ ᠬᠠᠪᠰᠤᠷᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠬᠡᠷ ᠪᠦᠯᠢ ᠶᠢᠨ ᠡᠶ᠎ᠡ ᠵᠣᠬᠢᠴᠠᠯ ᠢ ᠬᠠᠮᠠᠭᠠᠯᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠲᠠᠷᠠᠭᠠᠴᠢ ᠶᠢᠨ ᠠᠵᠢᠯ ᠳᠤ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠤᠷᠤᠭ ᠬᠡᠷ ᠪᠦᠯᠢ ᠶᠢᠨ ᠪᠣᠳᠠᠲᠠᠶ ᠪᠠᠶᠢᠳᠠᠯ ᠲᠠᠢ ᠨᠡᠶᠢᠴᠡᠵᠦ᠂ ᠠᠭᠤᠯᠭ᠎ᠠ ᠨᠢ ᠪᠠᠶᠠᠯᠢᠭ ᠪᠣᠳᠠᠲᠤ ᠬᠡᠷᠡᠭᠴᠡᠭᠡ ᠲᠠᠢ ᠪᠠᠶᠢᠵᠤ᠂ ᠮᠠᠰᠢ ᠶᠡᠭᠡ ᠠᠰᠢᠭ ᠭᠥᠷᠳᠡᠭᠰᠡᠨ ᠪᠠᠶᠢᠨ᠎ᠠ ᠭᠡᠵᠡᠶ᠃ ᠡᠳᠦᠷ ᠲᠤᠲᠤᠮ ᠤᠨ ᠠᠵᠢᠯ ᠤᠨ ᠳᠤᠮᠳᠠ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠢᠳᠡᠪᠬᠢᠲᠡᠶ ᠥᠷᠨᠢᠭᠦᠯᠵᠦ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃      ᠣᠶᠢᠷ᠎ᠠ ᠶᠢᠨ ᠵᠢᠯ ᠤᠳ ᠲᠤ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠭᠡᠷ ᠪᠦᠯᠢ ᠶᠢᠨ ᠠᠵᠢᠯ ᠤᠨ ᠵᠢᠭᠰᠠᠭᠠᠯ ᠤᠨ ᠭᠠᠵᠠᠷ ᠲᠤ ᠰᠠᠭᠤᠷᠢᠯᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠶᠡᠳᠡᠭᠦᠯᠦᠨ ᠰᠢᠢᠳᠪᠦᠷᠢᠯᠡᠬᠦ ᠶᠢ ᠤᠶᠠᠯᠳᠤᠭᠤᠯᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠬᠦᠴᠦᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号