ᠢᠦᠶ ᠴᠢᠤᠸᠠᠨ ᠲᠣᠭᠤᠷᠢᠭ 2024 ᠣᠨ ᠤ ᠲᠠᠶᠢᠯᠪᠤᠷᠢᠯᠠᠭᠴᠢ ᠶᠢᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/12/5
     12 ᠳ᠋ᠤᠭᠠᠷ ᠰᠠᠷ᠎ᠠ ᠶᠢᠨ 3 ᠤ ᠡᠳᠦᠷ᠂ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠵᠢᠭᠤᠯᠴᠢᠯᠠᠯ ᠤᠨ ᠨᠡᠶᠢᠭᠡᠮᠯᠢᠭ ᠤᠨ ᠬᠠᠮᠵᠢᠯᠴᠠᠨ ᠡᠷᠭᠢᠯᠡᠭᠰᠡᠨ ︽︿ᠠᠷᠪᠠᠨ ᠳᠥᠷᠪᠡᠳᠦᠭᠡᠷ ᠲᠠᠪᠤᠨ ᠵᠢᠯ﹀ ᠳᠤ ᠭᠠᠪᠢᠶ᠎ᠠ ᠪᠠᠶᠢᠭᠤᠯᠵᠤ  ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ 2024 ᠣᠨ ᠤ ᠢᠦᠶ ᠴᠢᠤᠸᠠᠨ ᠲᠣᠭᠤᠷᠢᠭ ᠤᠨ ᠲᠠᠶᠢᠯᠪᠤᠷᠢᠯᠠᠭᠴᠢ ᠶᠢᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠠᠮᠵᠢᠯᠲᠠ ᠲᠠᠢ ᠡᠷᠭᠢᠯᠡᠪᠡ᠃
     ᠲᠣᠰ ᠤᠳᠠᠭᠠᠨ ᠤ ᠤᠷᠤᠯᠳᠤᠭᠠᠨ ᠨᠢ ︽ᠬᠥᠬᠡᠬᠤᠲᠠ ᠶᠢᠨ ᠥᠯᠢᠭᠡᠷ ᠢ ᠰᠠᠶᠢᠲᠤᠷ ᠶᠠᠷᠢᠵᠤ  ᠤᠮᠠᠷᠠᠲᠤ ᠬᠢᠯᠢ ᠶᠢᠨ ᠰᠤᠶᠤᠯ ᠢ ᠤᠯᠠᠮᠵᠢᠯᠠᠨ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠬᠦ ᠬᠤᠶᠠᠷ ᠱᠠᠲᠤ ᠬᠤᠪᠢᠶᠠᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠦᠶ ᠣᠯᠠᠨ ᠰᠢᠯᠢᠳᠡᠭ ᠲᠠᠶᠢᠯᠪᠤᠷᠢᠯᠠᠭᠴᠢ ᠶᠢ ᠲᠠᠲᠠᠵᠤ ᠤᠷᠤᠯᠳᠤᠭᠠᠨ ᠳᠤ ᠣᠷᠣᠯᠴᠠᠭᠤᠯᠪᠠ᠃
     ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠨᠡᠶᠢᠳᠡ 18 ᠣᠷᠣᠯᠴᠠᠭᠴᠢ ᠳᠡᠰ ᠳᠠᠷᠠᠭ᠎ᠠ ᠲᠠᠢ ᠪᠠᠷ ᠲᠠᠯᠠᠪᠠᠢ ᠳᠤ ᠭᠠᠷᠴᠤ᠂ ᠲᠡᠳᠡ ᠬᠤᠳᠠ ᠶᠢᠨ ᠳᠣᠲᠣᠷᠠᠬᠢ ᠰᠣᠶᠣᠯ ᠵᠢᠭᠤᠯᠴᠢᠯᠠᠯ ᠤᠨ ᠦᠵᠡᠭᠳᠡᠯ᠂ ᠰᠣᠶᠣᠯ ᠤᠨ ᠦᠵᠡᠰᠬᠦᠯᠡᠩ ᠤᠨ ᠲᠠᠯᠠᠪᠠᠢ ᠣᠷᠳᠣᠨ᠂ ᠤᠨᠴᠠᠯᠢᠬᠳᠤ ᠠᠮᠲᠠᠲᠤ ᠢᠳᠡᠭᠡᠨ᠂ ᠭᠠᠵᠠᠷ ᠤᠨ ᠲᠡᠮᠳᠡᠭ ᠤᠨ ᠴᠢᠨᠠᠷᠲᠠᠢ ᠪᠠᠷᠢᠯᠭ᠎ᠠ᠂ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ᠂ ᠦᠵᠡᠮᠵᠢ ᠶᠢᠨ ᠣᠷᠣᠨ᠂ ᠰᠣᠶᠣᠯ ᠤᠨ ᠣᠷᠳᠣᠨ᠂ ᠤᠨᠴᠠᠯᠢᠬᠳᠤ ᠵᠡᠭᠡᠯᠢ ᠲᠣᠭᠤᠷᠢᠭ ᠵᠡᠷᠭᠡ ᠪᠠᠷ ᠪᠣᠷᠣ ᠮᠠᠲ᠋ᠧᠷᠢᠶᠠᠯ ᠪᠣᠯᠭᠠᠵᠤ᠂ ᠬᠥᠬᠡᠬᠤᠲᠠ ᠶᠢᠨ ᠡᠨᠡᠬᠦ ᠪᠦᠬᠦ ᠤᠯᠤᠰ ᠤᠨ ᠲᠡᠦᠬᠡ ᠰᠣᠶᠣᠯ ᠤᠨ ᠨᠡᠷᠡᠳᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠦᠯᠡᠳᠡᠭᠳᠡᠯ᠂ ᠲᠡᠦᠬᠡ ᠰᠣᠶᠣᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠵᠡᠷᠭᠡ ᠮᠡᠳᠡᠯᠭᠡ ᠶᠢ ᠲᠠᠶᠢᠯᠪᠤᠷᠢᠯᠠᠵᠤ᠂ ᠬᠥᠬᠡᠬᠤᠲᠠ ᠶᠢᠨ ᠲᠠᠶᠢᠯᠪᠤᠷᠢᠯᠠᠭᠴᠢ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢᠨ ᠬᠡᠪ ᠪᠣᠯᠪᠠᠰᠤᠷᠠᠯ᠂ ᠨᠠᠷᠢᠯᠢᠭ ᠲᠠᠶᠢᠯᠪᠤᠷᠢᠯᠠᠬᠤ ᠤᠷ᠎ᠠ ᠮᠡᠷᠭᠡᠵᠢᠯ ᠪᠣᠯᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃
     ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠢᠵᠢᠭ ᠰᠣᠶᠣᠯ ᠵᠢᠭᠤᠯᠴᠢᠯᠠᠯ ᠤᠨ ᠲᠠᠶᠢᠯᠪᠤᠷᠢᠯᠠᠭᠴᠢ ᠪᠠᠰᠠ ᠣᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ ᠥᠭᠴᠡᠶ᠂ ᠲᠡᠳᠡᠨ ᠤ ᠬᠤᠭᠤᠯᠠᠶ ᠨᠢ ᠬᠡᠳᠦ᠋ᠢᠪᠡᠷ ᠨᠢᠯᠬᠠᠰᠠᠭ ᠪᠣᠯᠪᠠᠴᠤ ᠳᠦᠷᠰᠦᠯᠡᠨ ᠶᠠᠷᠢᠬᠤ ᠪᠠ ᠢᠲᠡᠭᠡᠯ ᠲᠠᠢ ᠲᠤᠬᠠᠶ ᠶᠢᠨ ᠲᠠᠯᠠᠪᠤᠷ ᠤᠨ ᠢᠯᠡᠷᠡᠯ ᠳᠡᠭᠡᠨ ᠲᠦᠰᠢᠭᠯᠡᠨ᠂ ᠦᠵᠡᠭᠴᠢᠳ ᠤᠨ ᠰᠡᠳᠬᠢᠯ ᠢ ᠳᠣᠭᠳᠣᠯᠤᠭᠤᠯᠵᠠᠢ᠃
     ᠰᠢᠯᠭᠠᠷᠠᠭᠤᠯᠬᠤ ᠵᠦᠪᠯᠡᠯ ᠤᠨ ᠭᠡᠰᠢᠭᠦᠳ ᠤᠷᠤᠯᠴᠠᠭᠰᠠᠳ ᠤᠨ ᠲᠠᠶᠢᠯᠪᠤᠷᠢᠯᠠᠬᠤ ᠠᠭᠤᠯᠭ᠎ᠠ᠂ ᠲᠠᠶᠢᠯᠪᠤᠷᠢᠯᠠᠬᠤ ᠤᠷ᠎ᠠ ᠮᠡᠷᠭᠡᠵᠢᠯ᠂ ᠳᠦᠷᠢ ᠲᠥᠷᠬᠦ ᠵᠡᠷᠭᠡ ᠲᠠᠯ᠎ᠠ ᠪᠠᠷ ᠶᠡᠷᠦᠩᠬᠡᠢ ᠬᠤᠪᠢ ᠲᠣᠭᠲᠠᠭᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠬᠠᠮᠤᠭ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ 6 ᠪᠠ ᠰᠢᠯᠢᠳᠡᠭ ᠱᠠᠩᠨᠠᠯ ᠡᠳᠦᠶ ᠲᠡᠳᠦᠶ ᠰᠢᠯᠭᠠᠷᠠᠭᠤᠯᠪᠠ᠃
     ᠢᠦᠢ ᠴᠢᠤᠸᠠᠨ ᠲᠣᠭᠤᠷᠢᠭ ᠤᠨ ᠬᠢᠨ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠶᠡᠭᠡ ᠬᠠᠷᠢᠭᠤᠴᠠᠯᠭ᠎ᠠ ᠪᠣᠯᠤᠨ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ᠂ ᠨᠡᠩ ᠤᠯᠠᠨ ᠲᠠᠶᠢᠯᠪᠤᠷᠢᠯᠠᠭᠴᠢ ᠶᠢᠨ ᠪᠣᠯᠪᠠᠰᠤᠷᠠᠯ ᠤᠨ ᠠᠵᠢᠯ ᠢ ᠢᠳᠡᠪᠬᠢᠲᠡᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠢᠴᠢᠬᠠᠨ ᠡᠯᠴᠢ ᠨᠠᠷ ᠢ ᠦᠷᠭᠦᠯᠵᠢᠯᠡᠨ ᠪᠤᠶᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ︽ᠰᠤᠶᠤᠯ ᠢ ᠳᠡᠭᠡᠳᠦᠯᠡᠬᠦ ᠢᠦᠢ ᠴᠢᠤᠸᠠᠨ︾ ᠭᠡᠬᠦ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠠᠯ ᠪᠠᠮᠪᠠᠷ ᠢ ︽ᠪᠤᠶᠠᠨᠲᠤ ᠢᠦᠢ ᠴᠢᠤᠸᠠᠨ︾ ᠳᠤ ᠳᠦᠷᠡᠯᠵᠡᠭᠦᠯᠵᠦ᠂ ᠡᠭᠦᠷᠢᠳᠡ ᠤᠨᠲᠠᠷᠠᠬᠤ ᠦᠭᠡᠢ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号