ᠢᠦᠢ ᠴᠢᠤᠸᠠᠨ ᠲᠣᠭᠤᠷᠢᠭ 2024 ᠣᠨ ᠤ ᠤᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/6
     2024 ᠣᠨ ᠤ 12 ᠳ᠋ᠤᠭᠠᠷ ᠰᠠᠷ᠎ᠠ ᠶᠢᠨ 5 ᠤ ᠡᠳᠦᠷ ᠪᠣᠯ 39 ᠳ᠋ᠦ᠋ᠭᠡᠷ ᠤᠳᠠᠭᠠᠨ ᠤ ︽ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ︾ ᠮᠥᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠥᠮᠦᠨ ᠪᠦᠬᠦᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠢᠦᠶ ᠴᠢᠤᠸᠠᠨ ᠲᠣᠭᠤᠷᠢᠭ 2024 ᠣᠨ ᠤ ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ᠰᠠᠶᠢᠨ ᠳᠤᠷ᠎ᠠ ᠶᠢᠨ ᠦᠢᠯᠡᠴᠢᠯᠡᠭᠡ ᠪᠣᠯ ᠬᠤᠲᠠ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠂ ᠪᠠᠰᠠ ᠴᠤ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠬᠦᠴᠦᠷᠬᠡᠭ ᠶᠡᠭᠡ ᠬᠦᠴᠦᠨ ᠮᠥᠨ᠃ ᠢᠦᠢ ᠴᠢᠣᠸᠠᠨ ᠲᠣᠭᠤᠷᠢᠭ ᠲᠤ᠂ ᠨᠢᠭᠡ ᠪᠦᠯᠦᠭ ᠰᠠᠶᠢᠨ ᠳᠤᠷ᠎ᠠ ᠶᠢᠨ ᠦᠢᠯᠡᠴᠢᠯᠡᠭᠴᠢ ᠲᠠᠢ ᠪᠠᠶᠢᠵᠤ᠂ ᠲᠡᠳᠡ ᠵᠡᠭᠡᠯᠢ ᠭᠤᠳᠤᠮᠵᠢ ᠳᠤ ᠢᠳᠡᠪᠬᠢᠲᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠠᠶᠢᠷ᠎ᠠ ᠬᠠᠯᠠᠮᠵᠢ ᠪᠠᠷ ᠢᠶᠠᠨ ᠬᠦᠰᠡᠯ ᠡᠷᠡᠮᠡᠯᠵᠡᠯ ᠢ ᠦᠨᠳᠦᠰᠦᠯᠡᠭᠦᠯᠪᠡ᠃ ᠥᠨᠥᠴᠢᠨ ᠪᠡᠯᠪᠡᠰᠦᠨ ᠨᠠᠰᠤᠲᠠᠨ ᠢ ᠬᠠᠶᠢᠷᠠᠯᠠᠨ ᠬᠠᠯᠠᠮᠵᠢᠯᠠᠵᠤ᠂ ᠶᠠᠳᠠᠭᠤ ᠬᠦᠴᠢᠷᠳᠡᠯᠲᠡᠢ ᠰᠤᠷᠤᠭᠴᠢᠳ ᠢ ᠲᠤᠰᠠᠯᠠᠬᠤ ᠪᠤᠶᠤ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠳᠤ ᠣᠷᠣᠯᠴᠠᠬᠤ ᠳᠤ᠂ ᠴᠥᠮ ᠲᠡᠳᠡᠨ ᠤ ᠶᠠᠭᠠᠷᠠᠯᠲᠠᠢ ᠪᠥᠭᠡᠳ ᠡᠷᠡᠰ ᠪᠠᠲᠤ ᠪᠠᠷ᠎ᠠ ᠬᠠᠷᠠᠭᠳᠠᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢ ᠨᠠᠶᠢᠵᠠ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ᠂ ᠨᠡᠶᠢᠭᠡᠮ ᠲᠣᠭᠤᠷᠢᠭ ᠤᠨ ᠠᠵᠢᠯᠲᠠᠳ ᠤᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠤᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ ᠢ ᠬᠠᠮᠲᠤ ᠪᠠᠷ ᠪᠡᠯᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠪᠣᠯᠪᠠᠰᠤᠨ᠂ ᠬᠠᠤᠯᠢᠵᠢᠯ ᠤᠨ ᠪᠠᠶᠢᠭᠤᠯᠤᠯᠲᠠ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠵᠡᠷᠭᠡ ᠠᠵᠢᠯ ᠤᠨ ᠥᠷᠨᠢᠯᠲᠡ ᠳᠤ ᠬᠦᠴᠦᠨ ᠨᠡᠮᠡᠷᠢᠯᠡᠵᠦ᠂ ᠥᠩᠭᠡᠷᠡᠭᠰᠡᠨ ᠨᠢᠭᠡ ᠵᠢᠯ ᠤᠨ ᠲᠤᠷᠰᠢᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠳᠤᠯᠠᠭᠠᠨ ᠥᠩᠭᠡᠷᠡᠯᠲᠡ ᠶᠢ ᠬᠠᠮᠲᠤᠪᠠᠷ ᠡᠷᠭᠢᠴᠡᠭᠦᠯᠵᠦ᠂ ᠢᠷᠡᠭᠡᠳᠦᠢ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠠᠷᠠᠯᠠᠪᠠ᠃
     ᠠᠵᠢᠯᠯᠠᠭ᠎ᠠ ᠶᠢᠨ ᠶᠠᠪᠤᠴᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠡᠮ ᠡᠮᠨᠡᠯᠭᠡ ᠡᠷᠡᠭᠦᠯᠵᠢᠯ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠶᠢ ᠥᠷᠨᠢᠭᠦᠯᠪᠡ᠃ ᠤᠯᠠᠭᠠᠨᠮᠥ᠋ᠴᠢᠷ ᠤᠨ ᠭᠡᠰᠢᠭᠦᠳ ᠡᠯᠪᠡᠭ ᠪᠠᠶᠠᠯᠢᠭ ᠲᠠᠶᠢᠰᠠᠨ ᠤ ᠲᠤᠷᠰᠢᠯᠭ᠎ᠠ ᠪᠣᠯᠤᠨ ᠯᠠᠪᠳᠠᠭᠤᠨ ᠪᠠᠲᠤᠲᠠᠶ ᠤᠷᠠᠯᠢᠭ ᠤᠨ ᠰᠠᠭᠤᠷᠢ ᠶᠢ ᠠᠰᠢᠭᠯᠠᠨ᠂ ᠦᠨᠳᠦᠰᠦᠨ ᠱᠠᠲᠤᠨ ᠤ ᠣᠯᠠᠨ ᠲᠦᠮᠡᠨ ᠳᠤ ᠤᠷᠠᠯᠢᠭ ᠤᠨ ᠷᠢᠳᠢ ᠰᠢᠳᠢ ᠶᠢ ᠮᠡᠳᠡᠷᠡᠭᠦᠯᠵᠦ᠂ ᠰᠢᠯᠢᠳᠡᠭ ᠰᠣᠶᠣᠯ ᠤᠨ ᠦᠢᠯᠡᠴᠢᠯᠡᠭᠡ ᠬᠠᠩᠭᠠᠯᠭ᠎ᠠ ᠶᠢ ᠪᠠᠶᠠᠯᠢᠭᠵᠢᠭᠤᠯᠬᠤ ᠶᠢᠨ ᠬᠠᠮᠲᠤ᠂ ᠰᠠᠭᠤᠭᠠᠯᠢ ᠠᠷᠠᠳ ᠲᠤ ᠨᠠᠩ ᠣᠯᠠᠨ ᠪᠠᠶᠠᠷ ᠪᠠᠶᠠᠰᠤᠯ ᠪᠠ ᠦᠨᠡᠨ ᠬᠦ ᠬᠠᠪᠰᠤᠷᠤᠯᠭ᠎ᠠ ᠦᠵᠡᠭᠦᠯᠪᠡ᠃
     ᠡᠮᠨᠡᠯᠭᠡ ᠶᠢᠨ ᠠᠵᠢᠯᠲᠠᠳ ᠬᠠᠷᠠᠭᠠᠨ ᠤ ᠰᠢᠯᠭᠠᠯᠲᠠ ᠵᠢᠴᠢ ᠪᠤᠰᠤᠳ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠳᠠᠮᠵᠢᠭᠤᠯᠤᠨ ᠣᠯᠠᠨ ᠳᠤ ᠨᠠᠷᠢᠨ ᠬᠢᠨᠠᠮᠠᠭᠠᠶ ᠨᠢᠳᠦᠨ ᠤ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠣᠯᠠᠨ ᠳᠤ ᠥᠪᠡᠷ ᠤᠨ ᠨᠢᠳᠦᠨ ᠤ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠵᠤ᠂ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠵᠤ᠂ ᠡᠷᠲᠡ ᠰᠡᠷᠭᠡᠶᠢᠯᠡᠬᠦ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠲᠡᠳᠡ ᠪᠠᠰᠠ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢ ᠬᠡᠮᠵᠢᠬᠦ ᠵᠡᠷᠭᠡ ᠰᠠᠭᠤᠷᠢ ᠪᠠᠶᠢᠴᠠᠭᠠᠯᠲᠠ ᠬᠢᠭᠰᠡᠨ ᠪᠥᠭᠡᠳ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠶ ᠨᠢᠮᠪᠠᠶ ᠬᠠᠷᠢᠭᠤᠯᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ ᠳᠤ ᠴᠢᠭᠯᠡᠭᠦᠯᠦᠨ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠦᠨᠳᠦᠰᠦᠨ ᠬᠠᠤᠯᠢ ᠶᠢ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠠᠵᠢᠯᠲᠠᠳ ᠦᠨᠳᠦᠰᠦᠨ ᠬᠠᠤᠯᠢ ᠶᠢᠨ ᠠᠭᠤᠯᠭ᠎ᠠ᠂ ᠠᠴᠢ ᠬᠤᠯᠪᠣᠭᠳᠠᠯ᠂ ᠪᠠᠶᠢᠷᠢ ᠰᠠᠭᠤᠷᠢ᠂ ᠠᠭᠤᠯᠭ᠎ᠠ ᠵᠡᠷᠭᠡ ᠲᠠᠯ᠎ᠠ ᠠᠴᠠ ᠨᠠᠷᠢᠨ ᠨᠢᠭᠲᠠ ᠲᠠᠶᠢᠯᠤᠮᠵᠢ ᠬᠢᠵᠦ᠂ ᠤᠯᠠᠨ ᠲᠦᠮᠡᠨ ᠳᠤ ᠦᠨᠳᠦᠰᠦᠨ ᠬᠠᠤᠯᠢ ᠶᠢᠨ ᠨᠡᠶᠢᠭᠡᠮ ᠤᠨ ᠠᠮᠢᠳᠤᠷᠠᠯ ᠳᠠᠬᠢ ᠴᠢᠬᠤᠯᠠ ᠪᠠᠶᠢᠷᠢ ᠰᠠᠭᠤᠷᠢ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠬᠥᠮᠦᠰ ᠢ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ ᠬᠠᠤᠯᠢ ᠶᠢ ᠵᠢᠷᠤᠮᠯᠠᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠤᠬᠠᠭᠤᠯᠭ᠎ᠠ ᠶᠢᠨ ᠦᠢᠯᠡᠳᠦᠯᠭᠡᠵᠢᠭᠦᠯᠦᠭᠴᠢ ᠪᠣᠯᠬᠤ ᠶᠢ ᠢᠳᠡᠪᠬᠢᠲᠡᠢ ᠤᠷᠢᠶᠠᠯᠠᠪᠠ᠃
     ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠰᠠᠶᠢᠨ ᠳᠤᠷ᠎ᠠ ᠶᠢᠨ ᠦᠢᠯᠡᠴᠢᠯᠡᠭᠴᠢ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠲᠤ ᠪᠠᠩᠰᠢ ᠪᠠ ᠬᠠᠶᠢᠷ᠎ᠠ ᠬᠠᠯᠠᠮᠵᠢ ᠶᠢᠨ ᠪᠡᠯᠡᠭ ᠢ ᠨᠠᠷᠢᠨ ᠨᠢᠮᠪᠠᠶ ᠪᠡᠯᠡᠳᠬᠡᠵᠦ᠂ ᠠᠯᠪᠠᠨ ᠵᠢᠷᠤᠮ ᠤᠨ ᠦᠰᠦ ᠵᠠᠰᠠᠭᠴᠢ ᠠᠴᠠ ᠣᠯᠠᠨ ᠳᠤ ᠴᠣ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠠᠪᠴᠢᠷᠠᠵᠤ᠂ ᠪᠥᠬᠦ ᠲᠠᠯᠠᠪᠤᠷ ᠤᠨ ᠠᠵᠢᠯᠯᠠᠭᠠᠨ ᠤ ᠠᠭᠤᠷ ᠠᠮᠢᠰᠬᠤᠯ ᠬᠥᠭᠵᠢᠶᠡᠨᠲᠡᠶ ᠪᠣᠯᠪᠠ᠃      ᠬᠤᠶᠢᠰᠢᠳᠠ ᠢᠦᠢ ᠴᠢᠤᠸᠠᠨ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠦᠷᠦᠯ ᠳᠡᠮᠳᠡᠭᠵᠢᠭᠦᠯᠬᠦ᠂ ᠲᠦᠷᠦᠯ ᠵᠦᠢᠯᠵᠢᠭᠦᠯᠬᠦ᠂ ᠲᠤᠰᠬᠠᠶᠢᠵᠢᠭᠤᠯᠬᠤ ᠪᠠᠶᠢᠭᠤᠯᠤᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠯᠠᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠮᠡᠳᠡᠯᠭᠡ ᠶᠢ ᠭᠦᠢᠴᠡᠳ ᠣᠶᠢᠯᠠᠭᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠬᠠᠮᠲᠤᠪᠠᠷ ᠣᠷᠣᠯᠴᠠᠬᠤ ᠶᠢ ᠬᠦᠳᠦᠯᠦᠨ ᠵᠢᠯᠣᠭᠤᠳᠬᠤ ᠪᠠ ᠵᠣᠷᠢᠭᠵᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠣᠯᠤᠨ ᠬᠠᠮᠤᠭ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠦᠴᠦᠨ ᠢ ᠨᠢᠭᠲᠠᠷᠠᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠶᠢᠨ ᠳᠤᠷ᠎ᠠ ᠶᠢᠨ ᠬᠦᠴᠦᠨ ᠴᠢᠳᠠᠯ ᠢᠶᠠᠨ ᠡᠷᠭᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号