ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
     ︽ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ︽ᠬᠤᠪᠢ ᠨᠡᠮᠡᠷᠢ ᠦᠵᠡᠭᠦᠯᠬᠦ᠂ ᠨᠦᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠣᠯᠵᠢᠬᠤᠨ ᠢ ᠭᠦᠨᠵᠡᠭᠡᠶ ᠤᠬᠠᠭᠤᠯᠤᠨ ᠲᠦᠭᠡᠮᠡᠯᠵᠢᠭᠦᠯᠵᠦ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ︽ᠰᠠᠶᠢᠨ ᠳᠤᠷ᠎ᠠ ᠶᠢᠨ ᠬᠦᠴᠦᠨ ᠴᠢᠳᠠᠯ ᠢᠶᠠᠨ ᠡᠷᠭᠦᠵᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶᠠᠲᠤ ᠣᠷᠣᠨ ᠤ ᠭᠤᠤᠯᠳᠠᠯᠭ᠎ᠠ ᠲᠠᠢ ᠨᠢᠭᠡᠴᠢ ᠴᠢ ᠼᠠᠢ ᠴᠧᠩ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠵᠢᠯᠣᠭᠤᠳᠣᠯᠭ᠎ᠠ ᠪᠠ ᠤᠬᠠᠭᠤᠯᠭ᠎ᠠ ᠶᠢ ᠥᠷᠨᠢᠭᠦᠯᠵᠦ᠂ ᠢᠯᠠᠩᠭᠤᠶ᠎ᠠ ᠬᠡᠰᠡᠭ ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠᠭᠤᠷᠠᠶ ᠪᠠᠶᠢᠬᠤ ᠣᠨᠴᠠᠯᠢᠭ ᠲᠤ ᠴᠢᠭᠯᠡᠭᠦᠯᠦᠨ᠂ ᠤᠬᠠᠭᠤᠯᠬᠤ ᠠᠵᠢᠯᠲᠠᠨ ᠬᠤᠳᠠᠯᠳᠤᠭᠠᠨ ᠤ ᠲᠠᠯᠠᠪᠤᠷ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠡᠷᠦᠬᠡ ᠪᠠ ᠵᠣᠴᠢᠳ ᠲᠤ ᠭᠤᠤᠯᠳᠠᠯᠭ᠎ᠠ ᠲᠠᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠵᠡᠩᠨᠡᠭᠴᠢ ᠨᠢᠭᠡᠪᠦᠷᠢ ᠵᠢᠴᠢ ᠬᠡᠷᠡᠭᠯᠡᠭᠴᠢᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ︽ᠲᠦᠭᠰᠢᠭᠦᠷᠢ ᠮᠡᠳᠡᠭᠦᠯᠵᠦ ᠴᠢᠳᠠᠬᠤ︾ ︽ᠠᠮᠢ ᠵᠢᠭᠤᠳᠠᠵᠤ ᠴᠢᠳᠠᠬᠤ︾ ︽ᠭᠠᠯ ᠤᠨᠲᠠᠷᠠᠭᠠᠵᠤ ᠴᠢᠳᠠᠬᠤ︾ ᠴᠢᠳᠠᠪᠤᠷᠢ ᠶᠢᠨ ᠱᠠᠭᠠᠷᠳᠠᠯᠭ᠎ᠠ ᠳᠤ ᠬᠦᠷᠦᠭᠦᠯᠬᠦ ᠪᠠᠷ ᠵᠣᠷᠢᠯᠭ᠎ᠠ ᠪᠠᠨ ᠪᠣᠯᠭᠠᠪᠠ᠃
     ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠳᠤᠷ᠎ᠠ ᠶᠢᠨ ᠠᠵᠢᠯᠯᠠᠭ᠎ᠠ ᠪᠠᠷ ᠳᠠᠮᠵᠢᠨ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠣᠮᠣ ᠬᠡᠯᠪᠡᠷᠢ ᠶᠢᠨ ᠶᠡᠷᠦᠩᠬᠡᠢ ᠴᠣᠭᠴᠠ ᠵᠢᠴᠢ ᠬᠡᠷᠡᠭᠯᠡᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠬᠢᠭᠡᠳ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠲᠦᠮᠵᠢᠲᠡᠢ  ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠯ ᠤᠨᠲᠠᠷᠠᠭᠠᠬᠤ ᠡᠩᠨᠡᠭᠡ ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠢ ᠶᠢ ᠤᠶᠢᠷᠠᠲᠤᠭᠤᠯᠵᠤ᠂ ᠢᠦᠢ ᠴᠢᠤᠸᠠᠨ ᠲᠣᠭᠤᠷᠢᠭ ᠲᠤ ᠪᠦᠬᠦ ᠠᠷᠠᠳ ᠤᠨ ᠭᠠᠯ ᠤᠨᠲᠠᠷᠠᠭᠠᠬᠤ ᠶᠢ ᠠᠩᠬᠠᠷᠴᠤ᠂ ᠭᠠᠯ ᠤᠨᠲᠠᠷᠠᠭᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠠᠷᠠᠳ ᠣᠯᠠᠨ ᠤ ᠡᠳᠦᠷ ᠳᠣᠳᠣᠮ ᠤᠨ ᠠᠮᠢᠳᠤᠷᠠᠯ ᠳᠤ ᠦᠨᠡᠨᠬᠦ ᠣᠷᠣᠭᠤᠯᠪᠠ᠃ ᠬᠤᠶᠢᠰᠢᠳᠠ ᠶᠡᠭᠡ ᠠᠩᠭᠢ ᠤᠭ ᠰᠠᠨᠠᠭ᠎ᠠ ᠪᠠᠨ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ᠂ ᠭᠠᠵᠠᠷ ᠣᠷᠣᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号