ᠰᠢᠩ ᠯᠦᠩ ᠨᠡᠶᠢᠭᠡᠮ ᠲᠣᠭᠤᠷᠢᠭ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠬᠠᠷᠢᠶᠠᠲᠤ ᠣᠷᠣᠨ ᠤ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠬᠡᠤᠬᠡᠳ ᠲᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠬᠦ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠰᠢᠩ ᠯᠦᠩ ᠨᠡᠶᠢᠭᠡᠮ ᠲᠣᠭᠤᠷᠢᠭ ᠲᠠᠢ ᠬᠠᠮᠲᠤᠷᠠᠨ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠶᠢᠨ ︽ᠬᠡᠤᠬᠡᠳ ᠤᠷᠠᠨ ᠠᠷᠭ᠎ᠠ ᠪᠠᠷ ᠴᠠᠭᠠᠨ ᠰᠠᠷ᠎ᠠ ᠪᠠᠨ ᠤᠭᠲᠤᠬᠤ︾ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ ᠪᠠᠭᠰᠢ ᠨᠠᠷ ᠬᠠᠷᠢᠶᠠᠲᠤ ᠣᠷᠣᠨ ᠤ ᠪᠠᠨ ᠵᠠᠯᠠᠭᠤᠴᠤᠳ ᠪᠠᠭᠠᠴᠤᠳ ᠬᠡᠦᠬᠡᠳ ᠲᠤ ᠤᠯᠠᠮᠵᠢᠯᠠᠯᠲᠤ ᠨᠠᠭᠠᠮᠠᠯ ᠵᠢᠷᠤᠭ ᠤᠨ ᠠᠷᠭ᠎ᠠ ᠶᠢ ᠵᠢᠭᠠᠵᠤ᠂ ᠬᠡᠦᠬᠡᠳ ᠤᠳ ᠨᠡᠶᠢᠭᠡᠮ ᠲᠣᠭᠤᠷᠢᠭ ᠤᠨ ᠠᠵᠢᠯᠲᠠᠳ ᠤᠨ ᠬᠠᠪᠰᠤᠷᠤᠯᠭ᠎ᠠ ᠪᠠᠷ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠭᠤᠶᠤ ᠰᠠᠶᠢᠬᠠᠨ ᠨᠠᠭᠠᠮᠠᠯ ᠵᠢᠷᠤᠭ ᠤᠳ ᠴᠠᠭᠠᠰᠤᠨ ᠳᠡᠭᠡᠷ᠎ᠡ ᠲᠣᠳᠣᠷᠠᠪᠠ᠃ ᠬᠡᠦᠬᠡᠳ ᠤᠳ ᠲᠠᠶᠢᠰᠠᠨ ᠤ ᠡᠮᠦᠨ᠎ᠡ ᠢᠳᠡᠪᠬᠢᠲᠡᠢ ᠪᠠᠷ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠪᠠᠶᠠᠷ ᠪᠠᠭ᠋ᠠᠳᠤᠯ ᠤᠨ ᠰᠡᠳᠬᠢᠯᠭᠡ ᠬᠡᠦᠬᠡᠳ ᠤᠨ ᠴᠢᠷᠠᠢ ᠳᠤ ᠪᠢᠯᠬᠠᠵᠤ᠂ ᠬᠡᠦᠬᠡᠳ ᠤᠳ ᠠᠮᠵᠢᠯᠲᠠ ᠶᠢᠨ ᠲᠦᠷᠦᠭᠳᠡᠯ ᠪᠠ ᠵᠣᠯ ᠵᠢᠷᠭᠠᠯ ᠤᠨ ᠲᠦᠷᠦᠭᠳᠡᠯ ᠢᠶᠠᠷ ᠪᠢᠯᠬᠠᠨ᠎ᠠ᠃
     ᠲᠤᠰ ᠤᠳᠠᠭᠠᠨ ᠤ ᠨᠠᠰᠤᠨ ᠳᠤ ᠥᠯᠥ ᠬᠦᠷᠦᠭᠰᠡᠳ ᠤᠨ ᠭᠠᠷ ᠦᠢᠯᠡᠳᠭᠡᠯ ᠤᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠤᠯᠠᠮ ᠨᠢᠭᠡ ᠠᠯᠬᠤᠮ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠵᠣᠷᠢᠭᠲᠠᠶ ᠪᠠᠷ ᠬᠠᠶᠢᠨ ᠰᠦᠪᠡᠭᠴᠢᠯᠡᠬᠦ᠂ ᠢᠳᠡᠪᠬᠢᠲᠡᠶ ᠪᠠᠷ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠮᠳᠠᠨ ᠭᠠᠷ ᠬᠥᠳᠡᠯᠬᠦ᠂ ᠬᠠᠶᠢᠨ ᠰᠦᠪᠡᠭᠴᠢᠯᠡᠬᠦ᠂ ᠴᠢᠷᠮᠠᠶᠢᠨ ᠡᠷᠳᠡᠮ ᠮᠡᠳᠡᠯᠭᠡ ᠰᠤᠷᠬᠤ ᠴᠢᠳᠠᠪᠤᠷᠢ ᠶᠢ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠡᠪᠦᠯ ᠤᠨ ᠠᠮᠠᠷᠠᠯᠲᠠ ᠶᠢᠨ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠤ ᠬᠠᠮᠲᠤ ᠰᠣᠯᠢᠯᠴᠠᠭ᠎ᠠ ᠨᠡᠪᠲᠡᠷᠡᠯᠴᠡᠭᠡ᠂ ᠬᠠᠷᠢᠯᠴᠠᠨ ᠬᠠᠪᠰᠤᠷᠤᠯᠴᠠᠬᠤ ᠳᠤᠮᠳᠠ ᠪᠣᠯᠪᠠᠰᠤᠨ ᠡᠶ᠎ᠡ ᠵᠣᠬᠢᠴᠠᠯ ᠲᠠᠢ᠂ ᠪᠠᠶᠠᠷ ᠪᠠᠶᠠᠰᠬᠤᠯᠠᠩ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号