ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠲᠤᠬᠠᠢ ᠳᠡᠩᠰᠡᠯᠡᠯᠲᠡ
ᠨᠡᠶᠢᠲᠡᠯᠡᠭᠰᠡᠨ ᠴᠠᠭ᠄
2024/2/1
                ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠯᠵᠢᠶ᠎ᠡ ᠪᠠᠷ ᠤᠷᠢᠳᠴᠢᠯᠠᠨ                 ᠪᠣᠯᠵᠣᠬᠤ ᠠᠷᠭ᠎ᠠ ᠮᠠᠶ᠋ᠢᠭ ᠢ ᠰᠢᠯᠢᠳᠡᠭᠵᠢᠭᠦᠯᠬᠦ ᠲᠤᠬᠠᠶ ᠵᠠᠷᠯᠠᠯᠥᠷᠭᠡᠨ ᠤᠯᠠᠨ ᠤᠴᠢᠷ ᠶᠠᠪᠤᠳᠠᠯ ᠭᠦᠢᠴᠡᠳᠭᠡᠬᠦ ᠤᠯᠠᠨ ᠲᠦᠮᠡᠨ ᠳᠤ᠄      ᠣᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠥᠯᠥᠭᠡ᠂ ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠰᠦᠯᠵᠢᠶ᠎ᠡ ᠪᠠᠷ ᠤᠷᠢᠳᠴᠢᠯᠠᠨ ᠪᠣᠯᠵᠣᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠵᠡᠷᠭᠡ ᠲᠠᠰ ᠳᠡᠪᠰᠢᠭᠦᠯᠵᠦ᠂ ᠴᠤ᠋ ᠰᠢᠨ᠎ᠡ ᠵᠠᠭᠠᠭ ᠭᠠᠳᠠᠷᠭᠤ ᠶᠢ ᠨᠡᠭᠡᠭᠡᠨ᠂ ᠤᠷᠢᠳᠴᠢᠯᠠᠨ ᠪᠣᠯᠵᠣᠬᠤ ᠶᠠᠪᠤᠴᠠ ᠶᠢ ᠳᠥᠭᠦᠮᠴᠢᠯᠡᠪᠡ᠃      ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠪᠣᠯᠵᠤᠭ᠎ᠠ ᠪᠠᠨ ᠪᠡᠶᠡᠯᠡᠭᠦᠯᠦᠭᠰᠡᠨ ᠤ ᠳᠠᠷᠠᠭ᠎ᠠ᠂ ᠪᠣᠯᠵᠣᠭᠰᠠᠨ ᠴᠠᠭ ᠤᠨ ᠶᠣᠰᠣᠭᠠᠷ ᠪᠣᠯᠵᠣᠭᠰᠠᠨ ᠦᠢᠯᠡᠴᠢᠯᠡᠭᠡᠨ ᠤ ᠲᠢᠩᠬᠢᠮ ᠳᠤ ᠬᠦᠷᠴᠦ᠂ ᠥᠪᠡᠷ ᠢᠶᠠᠨ ᠭᠠᠷ ᠤᠨ ᠥᠰᠥᠭ ᠵᠢᠷᠤᠬᠤ ᠮᠠᠰᠢᠨ ᠤ ᠡᠮᠦᠨ᠎ᠡ ᠬᠦᠷᠴᠦ ᠪᠡᠶ᠎ᠡ ᠶᠢᠨ ᠦᠨᠡᠮᠯᠡᠯ ᠢᠶᠠᠨ ᠦᠵᠡᠭᠦᠯᠦᠨ ᠪᠣᠯᠵᠣᠭᠰᠠᠨ ᠭᠡᠷᠡᠴᠢ ᠪᠠᠷᠢᠮᠲᠠ ᠪᠠᠨ ᠠᠪᠤᠭᠰᠠᠨ ᠤ ᠳᠠᠷᠠᠭ᠎ᠠ ᠰᠠᠨᠠᠭᠤᠯᠤᠮᠵᠢ ᠶᠢᠨ ᠶᠣᠰᠣᠭᠠᠷ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠨ᠎ᠡ᠃      ᠨᠠᠰᠤᠲᠠᠨ᠂ ᠪᠠᠭᠤᠷᠠᠶ᠂ ᠡᠪᠡᠳᠴᠢᠨ ᠲᠠᠢ᠂ ᠵᠡᠮᠳᠡᠭ᠂ ᠵᠢᠷᠮᠦᠰᠦᠨ᠂ ᠴᠡᠷᠢᠭ ᠵᠡᠷᠭᠡ ᠣᠨᠴᠠᠭᠠᠶ ᠬᠠᠮᠲᠤᠯᠢᠭ ᠪᠠ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠰᠦᠯᠵᠢᠶ᠎ᠡ ᠪᠠᠷ ᠪᠣᠯᠵᠣᠬᠤ ᠴᠢᠬᠤᠯᠠ ᠥᠬᠡᠶ᠂ ᠣᠶᠢᠷ᠎ᠠ ᠬᠠᠪᠢ ᠶᠢᠨ ᠦᠢᠯᠡᠴᠢᠯᠡᠭᠡᠨ ᠤ ᠲᠢᠩᠬᠢᠮ ᠤᠨ ᠠᠰᠠᠭᠤᠨ ᠯᠠᠪᠯᠠᠬᠤ ᠴᠤᠩᠬᠤᠪᠴᠢ ᠳᠤ ᠬᠦᠷᠴᠦ ᠬᠠᠮᠢᠶ᠎ᠠ ᠪᠥᠬᠦᠶ ᠪᠡᠶ᠎ᠡ ᠶᠢᠨ ᠦᠨᠡᠮᠯᠡᠯ ᠢᠶᠠᠨ ᠦᠵᠡᠭᠦᠯᠪᠡᠯ ᠪᠣᠯᠴᠢᠬᠠᠨ᠎ᠠ᠃      ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ                2024 ᠣᠨ ᠤ 1 ᠳ᠋ᠤᠭᠡᠷ ᠰᠠᠷ᠎ᠠ ᠶᠢᠨ 27 ᠤ ᠡᠳᠦᠷ
         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号