— 2024 ᠣᠨ ᠤ 1 ᠳ᠋ᠤᠭᠡᠷ ᠰᠠᠷ᠎ᠠ ᠶᠢᠨ 10 ᠤ ᠡᠳᠦᠷ ᠢᠦᠢ ᠴᠢᠤᠸᠠᠨ ᠲᠣᠭᠤᠷᠢᠭ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ | ᠬᠤᠷᠠᠯ ᠳᠡᠭᠡᠷᠡᠬᠢ ᠶᠠᠷᠢᠶ᠎ᠠ | | | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠢᠯ ᠮᠥᠨ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ | ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ | ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠰᠣᠶᠣᠯ ᠢ | ᠳᠡᠭᠡᠳᠦᠯᠡᠬᠦ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ ᠡᠵᠡᠩᠨᠡᠬᠦ᠂ ᠪᠠᠶᠢᠭᠠᠯᠢ ᠶᠢ ᠡᠷᠬᠢᠮᠯᠡᠬᠦ︾ | ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ | ᠠᠳᠬᠤᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠪᠠᠷ ᠴᠢᠷᠮᠠᠶᠢᠵᠤ᠂ ᠥᠷᠢᠰᠥᠯᠳᠦᠭᠡᠨ ᠤ ᠳᠤᠮᠳᠠ ᠴᠢᠷᠮᠠᠶᠢᠨ ᠤᠷᠤᠭᠰᠢᠯᠠᠵᠤ᠂ | ᠬᠦᠴᠢᠷ ᠪᠡᠷᠬᠡᠰᠢᠶᠡᠯ ᠤᠨ ᠳᠤᠮᠳᠠ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ ᠠᠯᠬᠤᠵᠤ᠂ ᠨᠠᠩ ᠢᠯᠡᠭᠦᠤ ᠠᠮᠢᠵᠢᠷᠠᠯ ᠤᠨ ᠬᠦᠴᠦᠨ ᠲᠠᠢ᠂ ᠨᠠᠩ | ᠢᠯᠡᠭᠦᠤ ᠴᠢᠨᠠᠷ ᠴᠢᠨᠰᠠᠭ᠎ᠠ ᠲᠠᠢ᠂ ᠨᠠᠩ ᠡᠶ᠎ᠡ ᠵᠣᠬᠢᠴᠠᠯ ᠲᠠᠢ ᠢᠦᠢ ᠴᠢᠤᠸᠠᠨ ᠤ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠳᠤ ᠬᠡᠯᠪᠡᠷᠢ ᠪᠠᠨ ᠬᠤᠪᠢᠷᠠᠭᠤᠯᠤᠨ ᠵᠡᠷᠭᠡ ᠲᠠᠰ | ᠳᠡᠪᠰᠢᠵᠦ᠂ ᠠᠵᠤ ᠠᠬᠤᠶ ᠶᠢᠨ ᠬᠥᠭᠵᠢᠯᠲᠡ ᠨᠠᠩ ᠤᠶᠠᠨ ᠬᠠᠲᠠᠨ ᠴᠢᠨᠠᠷ ᠲᠠᠢ ᠪᠣᠯᠪᠠ | 2023 ᠣᠨ ᠳᠤ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ | ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ ︵ᠭᠦᠢᠴᠡᠳᠭᠡᠯ ᠲᠤᠭ᠎ᠠ ᠨᠢ ᠵᠢᠱᠢᠯᠲᠡ ᠲᠤᠭ᠎ᠠ᠂ ᠳᠣᠷᠣᠭᠰᠢ | ᠠᠳᠠᠯᠢ︶︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 62.07 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 146 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 21.22 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 6.04% ᠪᠠᠷ ᠨᠡᠮᠡᠭᠳᠡᠪᠡ︔ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 52617 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠪᠡ᠃ | ᠤᠳᠤ ᠦᠶ᠎ᠡ ᠶᠢᠨ ᠲᠠᠷᠢᠶᠠᠯᠠᠩ ᠤᠨ ᠦᠨᠳᠦᠰᠦᠨ ᠪᠠᠶᠢᠳᠠᠯ ᠢ ᠪᠠᠬᠢᠵᠢᠭᠦᠯᠪᠡ᠃ ᠠᠮᠤ ᠪᠤᠳᠠᠭ᠎ᠠ ᠳᠠᠷᠢᠬᠤ | ᠲᠠᠯᠠᠪᠠᠶ 8.3 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠶᠡᠷᠦᠩᠬᠡᠶ ᠤᠨᠠᠯᠲᠠ 5 ᠲᠦᠮᠡᠨ ᠲᠣᠨ ᠳᠤ ᠬᠥᠷᠪᠡ᠃ | ᠱᠠᠩᠬᠠᠶ ᠶᠢᠨ ᠮᠧᠶ ᠫᠠᠨ ᠯᠧ᠂ ᠥᠪᠥᠷ ᠮᠣᠩᠭᠤᠯ ᠤᠨ ᠰᠢᠨ᠎ᠡ ᠰᠣᠷᠭᠤᠭ ᠲᠠᠷᠢᠶᠠᠯᠠᠩ ᠤᠨ ᠠᠵᠤ ᠦᠢᠯᠡᠰ ᠤᠨ | ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠲᠣᠭᠲᠠᠭᠤᠨ ᠢᠶᠠᠷ | ᠠᠭᠢᠪᠠ᠃ ᠬᠤᠶᠢᠲᠤ ᠪᠠᠭᠠᠲᠠᠯ᠎ᠠ ᠶᠢᠨ ᠤᠶᠤᠨᠲᠤ ᠬᠦᠯᠡᠮᠵᠢ᠂ ᠯᠢᠶᠠᠨ ᠵᠢᠶᠠ ᠶᠢᠩ ᠤᠨ ᠠᠮᠤ ᠪᠤᠳᠠᠭᠠᠨ ᠤ ᠬᠥᠮᠥᠷᠭᠡ᠂ | ᠰᠢᠨ ᠱᠧᠩ ᠦᠢᠯᠡᠳᠪᠦᠷᠢᠯᠡᠯ ᠪᠣᠷᠣᠯᠠᠭᠤᠯᠭ᠎ᠠ ᠶᠢ ᠠᠭᠤᠰᠤᠯᠴᠠᠭᠤᠯᠬᠤ ᠲᠦᠷᠦᠯ ᠵᠦᠢᠯ ᠤᠨ ᠭᠤᠣᠯ ᠴᠣᠭᠴᠠ ᠶᠢᠨ | ᠠᠵᠢᠯ ᠢ ᠳᠠᠭᠤᠰᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ | ᠤᠷᠲᠤᠳᠬᠠᠪᠠ᠃ ᠳᠠᠯᠠᠢ ᠯᠠᠮᠠ ᠲᠤᠰᠬᠤᠨ ᠤ ᠪᠢᠯᠢᠭᠲᠦ ᠭᠥᠷᠥᠭᠡᠰᠦ ᠲᠠᠷᠪᠤᠰ᠂ ᠦᠵᠦᠮ ᠵᠠᠬ᠎ᠠ ᠳᠡᠯᠭᠡᠭᠦᠷ ᠲᠤ | ᠪᠣᠷᠣᠯᠠᠭᠤᠯᠤᠭᠳᠠᠵᠤ᠂ ᠡᠮᠦᠨ᠎ᠡ ᠲᠠᠶᠢᠱᠢ ᠶᠢᠨ ᠲᠠᠩᠰᠤᠭ ᠰᠠᠶᠢᠬᠠᠨ ᠲᠥᠪᠡᠳ ᠬᠠᠰᠢ ᠶᠢᠨ ᠮᠦ ᠪᠦᠷᠢ ᠶᠢᠨ ᠤᠨᠠᠯᠲᠠ | 1.2 ᠲᠦᠮᠡᠨ ᠵᠢᠩ ᠳᠤ ᠬᠦᠷᠴᠦ᠂ ᠮᠠᠭᠠᠯᠢᠩᠭᠤ ᠶᠢᠨ ᠦᠷ᠎ᠡ᠂ ᠨᠣᠬᠠᠶ ᠶᠢᠨ ᠬᠤᠰᠢᠭᠤ ᠵᠡᠷᠭᠡ 6 ᠪᠦᠲᠦᠭᠡᠭᠳᠡᠬᠦᠨ | ᠣᠷᠭᠠᠨᠢᠭ ᠭᠡᠷᠡᠴᠢᠯᠡᠯ ᠢ ᠣᠯᠵᠤ᠂ ︽ᠢᠦᠢ ᠴᠢᠤᠸᠠᠨ ᠦᠨᠢᠶᠡᠨ ᠰᠦ︾ ᠨᠢ ᠤᠯᠤᠰ ᠤᠨ ᠨᠡᠷᠡᠳᠦ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ︽ ᠪᠤᠶᠠᠨᠲᠤ ᠢᠦᠢ ᠴᠢᠤᠸᠠᠨ· | ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ︾ ᠤ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠪᠡ᠃ ᠡᠷᠳᠡᠨᠢ ᠰᠢᠰᠢ ᠶᠢ ᠨᠢᠭᠲᠠ ᠲᠠᠷᠢᠬᠤ᠂ | ᠦᠬᠡᠷ ᠤᠨ ᠡᠪᠡᠷ ᠤᠨ ᠯᠠᠵᠤᠤ ᠪᠤᠶᠢᠵᠢᠭᠤᠯᠬᠤ ᠵᠡᠷᠭᠡ ᠮᠡᠷᠭᠡᠵᠢᠯ ᠰᠢᠨ᠎ᠡ ᠰᠢᠪᠲᠤᠯᠤᠯᠲᠠ ᠲᠠᠢ ᠪᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ ᠦᠢᠯᠡᠳᠦᠯ ᠡᠳᠦᠷ ᠢᠷᠡᠬᠦᠶ᠎ᠡ ᠲᠤᠪᠤᠶᠢᠮ᠎ᠠ ᠪᠣᠯᠪᠠ᠃ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ 11 ᠳᠤ ᠬᠦᠷᠦᠭᠦᠯᠵᠦ᠂ ᠮᠠᠯ ᠣᠨᠤᠭ᠎ᠠ ᠶᠢ 4.6 | ᠲᠦᠮᠡᠨ ᠲᠣᠯᠣᠭᠠᠶ ᠲᠡᠵᠢᠭᠡᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠨᠣᠷᠮ᠎ᠠ ᠶᠢ | 100% ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ | ᠨᠠᠩ ᠪᠠᠲᠤ ᠪᠠᠬᠢ ᠪᠤᠯᠭᠠᠪᠠ᠃ | ᠤᠳᠤ ᠦᠶ᠎ᠡ ᠶᠢᠨ ᠠᠵᠤ ᠦᠢᠯᠡᠳᠪᠦᠷᠢ ᠶᠢᠨ ᠬᠠᠲᠠᠭᠤ ᠲᠤᠯᠭᠠᠭᠤᠷᠢᠯᠠᠯ ᠢ ᠪᠠᠶᠢᠭᠤᠯᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠭᠡᠳ 24 ᠪᠣᠯᠵᠣ᠂ ᠦᠢᠯᠡᠳᠬᠦᠨ ᠤ ᠶᠡᠷᠦᠩᠬᠡᠶ | ᠥᠷᠲᠡᠭ ᠨᠢ 120 ᠳ᠋ᠦᠩᠰᠢᠭᠤᠷ ᠲᠥᠭᠦᠷᠢᠭ ᠲᠤ ᠬᠦᠷᠴᠦ᠂ ᠲᠠᠯ᠎ᠠ ᠨᠤᠲᠤᠭ ᠨᠣᠭᠤᠭᠠᠨ ᠬᠡᠭᠡᠷ᠎ᠡ᠂ ᠴᠠᠰᠤᠨ | ᠨᠣᠯᠤᠤᠷ ᠤᠨ ᠴᠡᠴᠡᠭ ᠵᠡᠷᠭᠡ 18 ᠺᠣᠮᠫᠠᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠵᠥᠪᠰᠢᠶᠡᠷᠡᠭᠳᠡᠪᠡ᠃ ᠢᠦᠶ ᠯᠦᠩ ᠠᠵᠤ ᠦᠢᠯᠡᠰ ᠤᠨ ᠬᠦᠷᠢᠶᠡᠯᠡᠩ ᠤᠨ ᠦᠷ᠎ᠡ ᠠᠰᠢᠭ ᠢᠶᠠᠷ | ᠳᠣᠤᠷ᠎ᠠ 10 ᠠᠵᠤ ᠠᠬᠤᠶᠢᠯᠠᠯ ᠢ ᠠᠮᠢᠯᠠᠭᠤᠯᠵᠤ᠂ 357.3 ᠮᠥ ᠭᠠᠵᠠᠷ ᠰᠢᠷᠣᠶ ᠶᠢ ᠰᠤᠯᠠᠯᠠᠨ ᠪᠤᠴᠠᠭᠠᠵᠤ᠂ | ᠤᠫᠰᠸᠢ ᠠᠮᠢᠳᠤ ᠪᠣᠳᠠᠰ᠂ ᠴᠠᠭᠠᠨ ᠭᠤᠶᠣᠣ ᠰᠢᠨᠵᠢᠯᠡᠬᠦ ᠤᠬᠠᠭᠠᠨ ᠮᠡᠷᠭᠡᠵᠢᠯ᠂ ᠴᠢᠶᠠᠨ ᠰᠢ ᠾᠧ ᠵᠡᠷᠭᠡ 9 | ᠲᠥᠷᠥᠯ ᠵᠦᠢᠯ ᠵᠠᠯᠭᠠᠭ᠎ᠠ ᠪᠠᠷ ᠡᠷᠦᠬᠡ ᠠᠮᠠ ᠣᠷᠣᠵᠤ᠂ ᠠᠵᠤ ᠦᠢᠯᠡᠳᠪᠦᠷᠢ ᠶᠢᠨ ᠬᠡᠯᠪᠡᠷᠢ ᠶᠢᠨ ᠬᠤᠪᠢᠷᠠᠭᠤᠯᠤᠯᠲᠠ | ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ 3.25 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠪᠠ ᠲᠥᠪ ᠤᠨ | ᠲᠣᠭᠤᠭᠠᠨ ᠭᠡᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠯᠣᠣ | ᠰᠦᠢ ᠶᠤᠸᠠᠨ᠂ ᠬᠠᠶ ᠫᠧᠩ ᠢᠳᠡᠭᠡᠨ᠂ ᠲᠠᠩ ᠱᠢ ᠢᠦᠢ ᠵᠸᠦ ᠵᠡᠷᠭᠡ ᠨᠡᠷᠡᠳᠤ ᠲᠦᠷᠦᠯ ᠲᠡᠮᠳᠡᠭ ᠤᠨ ᠭᠡᠷ᠎ᠡ | ᠲᠣᠭᠲᠠᠨ ᠣᠷᠣᠵᠤ ᠰᠠᠭᠤᠪᠠ᠃ ᠲᠠᠯ᠎ᠠ ᠨᠤᠲᠤᠭ ᠤᠨ ᠤᠯᠠᠭᠠᠨ ᠨᠡᠷᠡᠨ ᠤ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ | 16 ᠳ᠋ᠦᠩᠰᠢᠭᠤᠷ ᠲᠥᠭᠦᠷᠢᠭ ᠢ ᠳᠠᠪᠠᠵᠤ᠂ 6 ᠲᠦᠮᠡᠨ ᠲᠣᠨ ᠤ ᠮᠡᠷᠭᠡᠵᠢᠯ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠤᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠹᠦ᠋ ᠹᠧᠩ ᠠᠮᠢᠳᠤ ᠪᠣᠳᠠᠰ | ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠦᠷᠳᠡᠭ ᠲᠠᠢ ᠲᠤᠰᠬᠠᠢ ᠠᠰᠢᠭ ᠢ | ᠪᠤᠶᠢᠵᠢᠭᠤᠯᠬᠤ ᠲᠥᠪ ᠢᠶᠠᠷ ᠦᠨᠡᠯᠡᠭᠳᠡᠵᠦ᠂ ᠦᠢᠯᠡᠳᠬᠦᠨ ᠢ100 ᠭᠠᠷᠤᠢ ᠤᠯᠤᠰ ︵ᠭᠠᠵᠠᠷ ᠣᠷᠣᠨ︶ ᠤᠨ | ᠭᠠᠳᠠᠭᠠᠳᠤ ᠳᠤ ᠭᠠᠷᠭᠠᠪᠠ᠃ ᠴᠢ ᠯᠦ ᠡᠮ ᠦᠢᠯᠡᠳᠬᠦ ᠠᠮᠢᠳᠤ ᠪᠣᠳᠠᠰ ᠤᠨ ᠢᠰᠬᠡᠯᠲᠡ ᠶᠢᠨ ᠶᠡᠷᠦᠩᠬᠡᠶ ᠬᠡᠮᠵᠢᠶ᠎ᠡ | 10 ᠲᠦᠮᠡᠨ ᠲᠣᠨ ᠢ ᠳᠠᠪᠠᠵᠤ᠂ ᠳᠡᠯᠡᠬᠡᠶ ᠶᠢᠨ ᠲᠡᠷᠢᠭᠦᠨ ᠤ ᠡᠩᠨᠡᠭᠡᠨ ᠳᠤ ᠣᠷᠣᠪᠠ᠃ ᠶᠢᠨ ᠶᠤᠸᠠᠨ ᠺᠠᠩ ᠴᠢᠰᠤᠨ | ᠴᠠᠶᠢᠪᠠᠩ ᠤᠨ ᠪᠦᠲᠦᠭᠡᠭᠳᠡᠬᠦᠨ ᠤ ᠪᠥᠬᠦ ᠤᠯᠤᠰ ᠤᠨ ᠠᠮᠢᠲᠠᠨ ᠤ ᠸᠠᠺᠼᠢᠨ ᠤ ᠠᠵᠤ ᠦᠢᠯᠡᠳᠪᠦᠷᠢ ᠶᠢᠨ | ᠬᠦᠷᠢᠶᠡᠨ ᠳᠠᠬᠢ ᠡᠵᠡᠯᠡᠬᠦ ᠨᠣᠷᠮ᠎ᠠ 65% ᠳᠤ ᠬᠦᠷᠴᠦ᠂ ︽ᠤᠯᠤᠰ ᠤᠨ ᠲᠠᠰ ᠤᠨ ᠪᠣᠬᠢᠷᠲᠤᠯ ᠥᠬᠡᠶ | ᠦᠢᠯᠡᠳᠪᠦᠷᠢ︾ ᠪᠠᠷ ᠦᠨᠡᠯᠡᠭᠳᠡᠪᠡ᠃ ᠵᠠᠭᠤᠨ ᠳ᠋ᠦᠩᠰᠢᠭᠤᠷ ᠤᠨ ᠲᠠᠰ ᠤᠨ ᠪᠣᠬᠢᠷᠲᠤᠯ ᠥᠬᠡᠶ ᠢᠳᠡᠭᠡᠨ ᠪᠠ ᠬᠤᠶᠠᠷ | ᠵᠠᠭᠤᠨ ᠳ᠋ᠦᠩᠰᠢᠭᠤᠷ ᠤᠨ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠤᠨ | ᠰᠠᠭᠤᠷᠢ ᠶᠢ ᠬᠠᠩᠳᠠᠵᠤ ᠪᠠᠶᠢᠳᠠᠯ ᠢ ᠬᠠᠳᠠᠭᠠᠯᠠᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠪᠠ᠃ 25 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠮᠢᠩ ᠫᠢᠨ ᠹᠦ᠋ ᠣᠯᠠᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠢ ᠡᠬᠢᠯᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠳᠤ ᠦᠢᠯᠡᠴᠢᠯᠡᠬᠦ᠂ ᠪᠡᠭᠡᠵᠢᠩ ᠲᠢᠶᠠᠨᠵᠢᠨ ᠾᠧᠪᠸᠢ ᠳᠤ ᠬᠠᠨᠳᠤᠭᠤᠯᠤᠭᠰᠠᠨ᠂ ᠪᠥᠬᠦ ᠤᠯᠤᠰ ᠢ | ᠬᠠᠮᠤᠷᠤᠭᠰᠠᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠪᠠ᠃ | ᠪᠠᠢ ᠳ᠋ᠦ᠋ ᠵᠦᠩ ᠠᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠭᠡᠷ᠎ᠡ ᠲᠣᠭᠲᠠᠨ ᠪᠠᠶᠢᠭᠤᠯᠤᠭᠳᠠᠵᠤ᠂ | ᠠᠯᠢ ᠡᠭᠦᠯᠡᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠬᠢᠨ 50 ᠰᠢᠬᠠᠮ ᠡᠯᠧᠺᠲᠷᠣᠨ | ᠬᠤᠳᠠᠯᠳᠤᠭ᠎ᠠ ᠶᠢ ᠲᠠᠲᠠᠪᠠ᠃ 30 ᠲᠦᠮᠡᠨ ᠲᠡᠭᠰᠢ ᠳᠥᠷᠪᠡᠯᠵᠢᠨ ᠮᠧᠲᠷ ᠤᠨ ᠬᠤᠸᠠ ᠷᠦᠨ ᠸᠢᠶᠧᠨ᠋ᠲ᠋ᠢᠶᠠᠩ | ᠬᠤᠲᠠ ᠶᠢᠨ ᠭᠤᠤᠯ ᠴᠣᠭᠴᠠ ᠶᠢ ᠪᠠᠶᠢᠭᠤᠯᠵᠤ ᠳᠠᠭᠤᠰᠬᠠᠨ᠂ ᠺᠠᠶᠢᠳᠧ · ᠨᠡᠬᠡᠮᠡᠯ᠂ ᠸᠠᠨ ᠶᠢᠨ ᠷᠦᠩ ᠴᠧᠩ᠂ ᠴᠢ | ᠼᠠᠢ ᠴᠧᠩ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠵᠠᠯᠭᠠᠭ᠎ᠠ ᠪᠠᠷ ᠵᠡᠷᠭᠡ ᠲᠠᠰ ᠳᠡᠪᠰᠢᠭᠦᠯᠪᠡ᠃ | ᠰᠤᠯᠠ ᠢᠳᠡᠭᠡᠨ ᠤ ᠰᠢᠯᠢᠳᠡᠭ ᠢ ᠨᠢ ᠰᠤᠩᠭᠤᠬᠤ ᠪᠠᠷᠠᠭᠤᠨ ᠬᠤᠶᠢᠲᠤ ᠣᠷᠣᠨ ᠤ ᠶᠡᠷᠦᠩᠬᠡᠶ ᠵᠠᠬᠢᠷᠭ᠎ᠠ ᠮᠠᠨ ᠤ | ᠲᠤᠭᠤᠷᠢᠭ ᠲᠤ ᠨᠤᠲᠤᠭᠰᠢᠨ ᠰᠠᠭᠤᠵᠤ᠂ ᠵᠧᠨ ᠬᠤᠸᠠ ᠬᠡᠲᠦ ᠳᠡᠯᠭᠡᠭᠦᠷ ᠤᠨ ᠾᠧᠩ ᠱᠧᠩ ᠳᠡᠯᠭᠡᠭᠦᠷ | ᠡᠵᠡᠩᠨᠡᠯᠲᠡ ᠪᠠᠨ ᠡᠬᠢᠯᠡᠭᠦᠯᠪᠡ᠃ ᠽᠢ ᠸᠧᠶ ᠮᠠᠰᠢᠨ ᠲᠡᠷᠭᠡᠨ ᠤ ᠬᠦᠷᠢᠶᠡᠯᠡᠩ ᠤᠨ ᠡᠵᠡᠩᠨᠡᠯᠲᠡ ᠶᠢᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 49% ᠪᠠᠷ ᠨᠡᠮᠡᠭᠳᠡᠵᠦ᠂ ᠴᠢ ᠷᠦᠢ ᠵᠢᠶᠧ ᠲᠦ᠋ ᠥᠪᠥᠷ ᠮᠣᠩᠭᠤᠯ ᠤᠨ ᠠᠩᠬᠠᠨ ᠤ | ᠳᠡᠯᠭᠡᠭᠦᠷ ᠠᠮᠵᠢᠯᠲᠠ ᠲᠠᠢ ᠪᠠᠷ ᠣᠷᠣᠵᠤ ᠰᠠᠭᠤᠪᠠ᠃ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠮᠧᠶ ᠲᠦᠩ᠂ ᠺᠠᠶ ᠲᠠᠢ᠂ | ᠲᠦᠩ ᠱᠦᠨ ᠶᠡᠭᠡ ᠭᠤᠳᠤᠮᠵᠢ ᠪᠠᠷ ᠨᠢᠭᠡᠳᠦᠯᠲᠡᠶ ᠲᠡᠰᠦᠯᠦᠨ ᠪᠤᠳᠤᠵᠤ ᠨᠡᠶᠢᠯᠡᠭᠦᠯᠦᠨ ᠨᠢᠭᠡᠳᠬᠡᠬᠦ ᠶᠢ ᠪᠡᠶᠡᠯᠡᠭᠦᠯᠪᠡ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠤᠯᠪᠣᠨ ᠨᠡᠪᠲᠡᠷᠡᠭᠦᠯᠦᠭᠰᠡᠨ᠂ ᠳᠣᠲᠣᠭᠠᠳᠤ | ᠭᠠᠳᠠᠭᠠᠳᠤ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠦᠭᠰᠡᠨ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ | ᠪᠠᠷᠠᠭᠠᠨ ᠤ ᠭᠦᠢᠯᠭᠡᠭᠡᠨ ᠤ ᠠᠵᠤ ᠦᠢᠯᠡᠰ ᠦᠷᠨᠢᠭᠦᠨ ᠬᠦᠭᠵᠢᠪᠡ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠯᠲᠠᠨ ᠦᠰᠦᠭᠲᠦ ᠫᠠᠶᠢᠰᠠ ᠶᠢ ᠭᠢᠯᠠᠶᠢᠲᠠᠯ᠎ᠠ ᠠᠷᠴᠢᠪᠠ᠃ ︽ | ᠲᠠᠪᠤ ᠶᠢ ᠪᠣᠰᠬᠠᠬᠤ︾ ᠠᠵᠢᠯ ᠤᠨ ᠰᠡᠳᠬᠢᠴᠡ ᠶᠣᠰᠣᠭᠠᠷ᠂ ︽ᠭᠤᠷᠪᠠᠨ ᠲᠤᠭᠤᠷᠢᠭ ᠨᠢᠭᠡ ᠭᠤᠣᠯ︾ ᠢ | ᠭᠤᠣᠯᠳᠠᠯᠭ᠎ᠠ ᠲᠠᠢ ᠪᠠᠶᠢᠭᠤᠯᠪᠠ᠃ ᠪᠤᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ | ᠲᠣᠭᠤᠷᠢᠭ ᠤᠨ ᠰᠥᠨᠢ ᠶᠢᠨ ᠦᠵᠡᠮᠵᠢ ᠶᠢ ᠭᠡᠷᠡᠯᠲᠦᠭᠦᠯᠬᠦ ᠪᠠ ᠪᠠᠷᠠᠭᠤᠨ ᠬᠡᠰᠡᠭ ᠢ ᠵᠡᠷᠭᠡ ᠲᠠᠰ ᠳᠡᠪᠰᠢᠭᠦᠯᠦᠨ | ᠥᠭᠡᠷᠡᠴᠢᠯᠡᠬᠦ ᠶᠢ ᠪᠡᠶᠡᠯᠡᠭᠦᠯᠵᠦ᠂ ᠹᠠᠩ ᡁᠢ ᠭᠤᠳᠤᠮᠵᠢ᠂ ᠾᠧ ᠲᠠᠢ ᠬᠤᠲᠠ ᠶᠢᠨ ᠤᠨᠴᠠᠯᠢᠬᠳᠤ ᠬᠤᠳᠠᠯᠳᠤᠭᠠᠨ ᠤ | ᠵᠡᠭᠡᠯᠢ ᠲᠣᠭᠤᠷᠢᠭ ᠢ ᠰᠢᠨ᠎ᠡ ᠪᠠᠷ ᠨᠡᠭᠡᠭᠡᠨ ᠡᠬᠢᠯᠡᠭᠦᠯᠵᠦ᠂ ︽ᠦᠨᠳᠦᠰᠦᠲᠡᠨ ᠤ ᠤᠨᠴᠠᠯᠢᠭ︾ ᠤᠨ ᠵᠢᠭᠤᠯᠴᠢᠯᠠᠯ ᠤᠨ | ᠰᠡᠭᠦᠳᠡᠷ ᠲᠠᠲᠠᠬᠤ ᠰᠢᠨ᠎ᠡ ᠥᠷᠨᠢᠯᠲᠡ ᠭᠠᠷᠴᠤ᠂ ︽ᠳᠥᠷᠪᠡᠨ ᠵᠡᠭᠡᠯᠢ ᠨᠠᠢᠮᠠᠨ ᠭᠤᠳᠤᠮᠵᠢ ᠬᠤᠷᠢᠨ ᠳᠥᠷᠪᠡᠨ | ᠬᠦᠷᠢᠶ᠎ᠡ︾ ᠶᠢᠨ ᠬᠡᠷᠡᠭᠯᠡᠭᠡᠨ ᠤ ᠰᠢᠨ᠎ᠡ ᠪᠠᠶᠢᠳᠠᠯ ᠲᠠᠰᠤᠷᠠᠯᠲᠠ ᠥᠬᠡᠶ ᠢᠯᠡᠷᠡᠨ ᠭᠠᠷᠪᠠ᠃ ᠰᠦᠨ ᠵᠦᠸᠧ ᠵᠠᠩ ᠤᠨ | ᠠᠵᠢᠯᠯᠠᠬᠤ ᠲᠠᠰᠤᠭ᠂ ᠶᠦᠩ ᠱᠧᠩ ᠵᠣᠭᠤᠰᠣᠨ ᠮᠦᠽᠧᠢ᠂ ᠱᠠᠭᠠᠵᠠᠩ ᠡᠳ᠋ᠯᠡᠯ ᠤᠨ ᠮᠦᠽᠧᠢ ᠳ᠋ᠡ ᠱᠧᠩ ᠺᠦᠢ | ᠬᠤᠶᠢᠲᠤ ᠲᠣᠭᠤᠷᠢᠭ ᠤᠨ ᠮᠦᠽᠧᠢ ᠶᠢᠨ ᠪᠦᠯᠦᠭᠯᠡᠯ ᠳᠤ ᠣᠷᠣᠪᠠ᠃ ᠳᠤᠮᠳᠠᠳᠤ ᠤᠯᠤᠰ ᠤᠨ ᠱᠤᠤᠮᠠᠢ ᠠᠮᠲᠠᠲᠤ | ᠢᠳᠡᠭᠡᠨ ᠤ ᠭᠤᠳᠤᠮᠵᠢ ᠶᠢ ᠵᠡᠷᠭᠡ ᠲᠡᠰ ᠳᠡᠪᠰᠢᠭᠦᠯᠵᠦ᠂ ᠳ᠋ᠧ ᠱᠦᠨ ᠶᠤᠸᠠᠨ᠂ ᠶᠢᠨ ᠰᠠᠨ ᠶᠤᠸᠠᠨ ᠵᠡᠷᠭᠡ | ᠬᠠᠭᠤᠴᠢᠨ ᠨᠡᠷᠡᠳᠦ ᠲᠡᠮᠳᠡᠭᠲᠦ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠪᠥᠬᠦ ᠬᠤᠲᠠ ᠶᠢᠨ | ᠠᠩᠬᠠᠳᠠᠭᠴᠢ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ — ᠣᠨᠢᠰᠤ ᠦᠢᠯᠡᠳᠬᠦ ᠦᠢᠯᠡᠳᠪᠦᠷᠢ ᠶᠢᠨ ᠮᠠᠶ | ᠯᠢ ᠪᠡᠶ᠎ᠡ ᠶᠢᠨ ᠲᠠᠮᠢᠷ ᠤᠨ ᠬᠦᠷᠢᠶᠡᠯᠡᠩ ᠨᠡᠭᠡᠭᠡᠨ ᠡᠵᠡᠩᠨᠡᠵᠦ᠂ ᠰᠡᠯᠡᠭᠦᠴᠡᠯ ᠪᠡᠶ᠎ᠡ ᠴᠢᠭᠢᠷᠠᠭᠵᠢᠭᠤᠯᠤᠯᠲᠠ ᠶᠢᠨ ᠰᠢᠨ᠎ᠡ | ᠭᠠᠵᠠᠷ ᠤᠨ ᠲᠡᠮᠳᠡᠭ ᠪᠣᠯᠤᠭᠰᠠᠨ ᠪᠠᠶᠢᠨ᠎ᠠ᠃ ᠨᠡᠷᠡᠨ ᠬᠤᠸᠠᠷ᠂ ᠲᠠᠰᠢᠭᠤᠷ ᠡᠪᠡᠰᠦ ᠵᠡᠷᠭᠡ ᠴᠡᠴᠡᠭ ᠤᠨ ᠲᠡᠯᠡᠶ ᠨᠢ | ᠵᠢᠷᠤᠭ ᠮᠡᠲᠦ ᠦᠵᠡᠰᠬᠦᠯᠡᠩ ᠰᠠᠶᠢᠬᠠᠨ᠂ ᠣᠶ ᠶᠢᠨ ᠬᠤᠷᠮᠣᠶ ᠶᠢᠨ ᠣᠷᠣᠨ ᠵᠠᠶ᠂ ᠲᠤᠩᠭᠠᠯᠠᠭ ᠠᠷᠠᠯ ᠣᠶ | ᠰᠢᠭᠤᠶ ᠶᠢᠨ ᠦᠳᠡᠰᠢ᠂ ᠣᠳᠣᠨ ᠭᠠᠷᠠᠭ ᠤᠨ ᠰᠡᠯᠡᠭᠦᠴᠡᠯ ᠤᠨ ᠬᠦᠷᠢᠶᠡᠯᠡᠩ ᠤᠨ ᠬᠡᠷ ᠤᠨ ᠭᠠᠳᠠᠨᠠᠬᠢ ᠪᠠᠭᠤᠴᠠ | ᠬᠥᠮᠦᠰ ᠤᠨ ᠪᠠᠭ᠋ᠠᠷᠬᠠᠯ ᠢ ᠲᠠᠲᠠᠵᠤ᠂ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠲᠤ ᠰᠢᠨ᠎ᠡ ᠠᠭᠤᠯᠬᠤᠨ | ᠨᠡᠮᠡᠷᠢᠯᠡᠭᠰᠡᠨ ᠪᠠᠶᠢᠨ᠎ᠠ᠃ ᠪᠤᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ | ᠤᠯᠠᠷᠢᠯ᠂ ᠵᠢᠯ ᠠᠯᠭᠠᠰᠠᠭᠰᠠᠨ ᠨᠠᠷᠭᠢᠯ ᠰᠥᠨᠢ᠂ ᠮᠥᠰᠥ ᠴᠠᠰᠤᠨ ᠤ ᠪᠠᠶᠠᠷ ᠵᠡᠷᠭᠡ ᠰᠢᠷᠢᠰ ᠭᠤᠣᠯ ᠰᠡᠳᠦᠪᠲᠦ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ᠮᠢᠩᠭᠠᠨ ᠣᠨ ᠤ ᠵᠤᠤ ᠵᠢᠶᠦ᠋ᠨ︾ ᠤ ᠵᠡᠭᠡᠯᠢ ᠶᠢᠨ ᠦᠵᠡᠮᠵᠢ ᠶᠢᠨ | ᠲᠣᠭᠯᠠᠯᠲᠠ ᠬᠦᠷ ᠬᠥᠭᠵᠢᠶᠡᠨ ᠲᠠᠢ ᠶᠠᠪᠤᠭᠳᠠᠪᠠ᠃ ᠮᠠᠨ ᠤ ᠲᠤᠭᠤᠷᠢᠭ ︽ᠨᠢᠭᠡᠳᠦᠭᠡᠷ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠭᠤᠤᠯᠳᠠᠯᠭ᠎ᠠ ᠲᠠᠢ ᠪᠤᠶᠢᠵᠢᠭᠤᠯᠬᠤ︾ ᠪᠠᠷ ᠦᠨᠡᠯᠡᠭᠳᠡᠵᠦ᠂ | ᠪᠤᠭᠤᠮᠲᠠ ᠶᠢᠨ ᠬᠠᠭᠤᠴᠢᠨ ᠵᠡᠭᠡᠯᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠤᠨᠴᠠᠯᠢᠭᠳᠤ ᠵᠡᠭᠡᠯᠢ ᠲᠣᠭᠤᠷᠢᠭ︾ ᠢᠶᠠᠷ ᠦᠨᠡᠯᠡᠭᠳᠡᠪᠡ᠃ ᠪᠦᠬᠦ ᠵᠢᠯ ᠳᠤ 1862 ᠲᠦᠮᠡᠨ ᠬᠥᠮᠦᠨ | ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 5.29 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠤᠭᠠᠴᠠᠭᠰᠠᠳ ᠤᠨ ᠲᠤᠭ᠎ᠠ ᠪᠣᠯᠤᠨ ᠵᠤᠭᠠᠴᠠᠯ ᠤᠨ ᠣᠷᠣᠯᠭ᠎ᠠ ᠶᠢᠨ ᠬᠤᠣᠰ | ᠰᠢᠨ᠎ᠡ ᠲᠡᠮᠳᠡᠭᠯᠡᠯ ᠢ ᠡᠭᠦᠳᠪᠡ᠃ | ᠨᠢᠭᠡ ᠵᠢᠯ ᠤᠨ ᠲᠤᠷᠰᠢ᠂ ᠮᠠᠨ ᠤ ᠲᠥᠷᠥ ᠶᠢᠨ ᠪᠣᠳᠣᠯᠭ᠎ᠠ ᠶᠢᠨ ᠬᠤᠷᠠᠮᠳᠤᠯ ᠨᠢ ᠰᠢᠭᠤᠳ ᠬᠦᠷᠴᠦ ᠲᠦᠷᠭᠡᠨ | ᠡᠳ᠋ᠯᠡᠵᠦ᠂ ᠬᠥᠭᠵᠢᠯᠲᠡ ᠶᠢᠨ ᠲᠦᠰᠢᠭ ᠲᠤᠯᠭᠠᠭᠤᠷᠢ ᠨᠠᠩ ᠬᠦᠴᠦᠲᠡᠶ ᠪᠣᠯᠪᠠ | ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠭᠦᠨᠵᠡᠭᠡᠶᠢᠷᠡᠨ ᠠᠭᠢᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ 99.8% ᠳᠤ ᠬᠦᠷᠴᠦ᠂ | ᠶᠡᠷᠦᠩᠬᠡᠶᠢᠯᠡᠭᠰᠡᠨ ᠴᠤᠩᠬᠤᠪᠴᠢ ᠪᠠᠷ 354 ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠳᠤ ᠣᠷᠣᠭᠤᠯᠤᠨ᠂ | 914 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ︽ᠭᠠᠷᠠᠭ ᠤᠨ ᠰᠡᠭᠦᠯᠴᠢ ᠳᠤ ᠡᠭᠦᠳᠡ ᠪᠠᠨ | ᠬᠠᠭᠠᠬᠤ ᠥᠬᠡᠶ︾᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠪᠦᠷᠬᠦᠴᠡ ᠶᠢᠨ ᠨᠣᠷᠮ᠎ᠠ | 90% ᠶᠢ ᠳᠠᠪᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠰᠠᠭᠠᠳ ᠥᠬᠡᠶ ᠨᠡᠪᠲᠡᠷᠡᠬᠦ ᠵᠠᠮ ᠢ | ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠶᠢ ᠳᠦᠭᠦᠮᠴᠢᠯᠡᠭᠰᠡᠨ᠂ ᠬᠠᠥᠯᠢᠵᠢᠭ᠌ᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠤᠯᠤᠰ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠢᠭᠡᠳᠬᠡᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ 2.6 ᠳ᠋ᠦᠩᠰᠢᠭᠤᠷ ᠲᠥᠭᠦᠷᠢᠭ ᠬᠥᠩᠭᠡᠯᠡᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 5.45 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 6.3 ᠲᠦᠮᠡᠨ | ᠡᠷᠦᠬᠡ ᠪᠣᠯᠭᠠᠨ ᠨᠡᠮᠡᠭᠳᠡᠭᠦᠯᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠰᠡᠯᠡᠯᠲᠡ ᠶᠢ ᠰᠢᠪᠲᠤᠯᠵᠤ | ᠠᠯᠳᠠᠭᠳᠠᠯ ᠲᠠᠢ ᠪᠠᠶᠢᠭᠰᠠᠨ ᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠢᠦᠢ | ᠰᠢᠶᠠᠩ᠂ ᠢᠦᠢ ᠲᠸᠦ ᠵᠡᠷᠭᠡ ᠺᠣᠮᠫᠠᠨᠢ ᠶᠢᠨ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ | ᠴᠢᠳᠠᠪᠤᠷᠢ ᠢᠯᠡᠳᠲᠡ ᠴᠢᠩᠭᠠᠷᠠᠪᠠ᠃ ᠨᠡᠭᠡᠭᠡᠯᠲᠡ ᠬᠢᠵᠦ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠵᠤ᠂ 3700 | ᠲᠦᠮᠡᠨ ᠲᠥᠭᠦᠷᠢᠭ ᠤᠨ ᠭᠠᠳᠠᠭᠠᠳᠤ ᠪᠡᠯᠡ ᠶᠢ ᠪᠣᠳᠠᠲᠠᠶ ᠠᠰᠢᠭᠯᠠᠵᠤ᠂ ᠳᠤᠮᠳᠠᠳᠤ ᠣᠷᠣᠰ ᠮᠣᠩᠭᠤᠯ ᠤᠨ ᠬᠠᠷᠢᠯᠴᠠᠨ | ᠠᠷᠠᠯᠵᠢᠶᠠᠯᠠᠬᠤ ᠲᠠᠸᠠᠷ ᠤᠨ ᠰᠠᠭᠤᠷᠢᠨ ᠭᠠᠵᠠᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ | ᠮᠠᠨ ᠤ ᠲᠤᠭᠤᠷᠢᠭ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠮᠢᠳᠤᠯᠢᠭ ᠦᠢᠯᠡᠳᠦᠯᠭᠡ ᠪᠣᠯᠪᠠ᠃ | ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠵᠥᠪᠳᠡᠯᠴᠡᠭᠡᠨ ᠤ ᠠᠵᠢᠯᠯᠠᠭ᠎ᠠ ᠶᠢ ᠵᠠᠭᠤ ᠰᠢᠬᠠᠮ ᠲᠠᠯᠠᠪᠤᠷ | ᠠᠮᠵᠢᠯᠲᠠ ᠲᠠᠢ ᠡᠷᠬᠢᠯᠡᠵᠦ᠂ 62 ᠲᠦᠷᠦᠯ ᠵᠦᠢᠯ ᠳᠤ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠵᠤ᠂ 91.7 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠬᠤᠳᠠᠯᠳᠤᠭᠠᠴᠢᠨ ᠢ | ᠠᠮᠤᠷᠵᠢᠭᠤᠯᠬᠤ ᠪᠠ ᠬᠤᠳᠠᠯᠳᠤᠭᠠᠴᠢᠨ ᠢ ᠲᠤᠰᠠᠯᠠᠬᠤ ᠠᠭᠤᠷ ᠠᠮᠢᠰᠬᠤᠯ ᠨᠡᠩ ᠥᠳᠬᠡᠨ ᠵᠤᠵᠠᠭᠠᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ | ᠣᠷᠭᠠᠨᠢᠭ ᠢᠶᠠᠷ ᠰᠢᠨᠡᠳᠬᠡᠵᠦ᠂ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠲᠤᠪᠤᠶᠢᠮ᠎ᠠ ᠠᠮᠵᠢᠯᠲᠠ ᠤᠯᠪᠠ᠃ ᠬᠤᠳᠠ ᠶᠢᠨ | ᠴᠢᠳᠠᠪᠬᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠴᠢᠨᠠᠷ ᠰᠠᠶᠢᠲᠠᠢ | ᠬᠥᠭᠵᠢᠯᠲᠡ ᠳᠤ ︽ᠳᠠᠯᠳᠠ ᠬᠦᠴᠦᠨ ᠢ ᠠᠭᠤᠳᠠᠯᠬᠤ︾ ︽ᠬᠤᠭᠤᠰᠣᠨ ᠵᠦᠢᠯ ᠢ ᠦᠯᠡᠳᠡᠭᠡᠪᠡ︾᠃ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ ᠵᠡᠷᠭᠡ 10 ᠳᠥᠭᠦᠮ ᠪᠦᠲᠦᠴᠡᠲᠦ ᠣᠷᠣᠨ ᠰᠠᠭᠤᠴᠠ ᠶᠢᠨ | ᠬᠤᠷᠢᠶᠠᠯᠠᠯ ᠤᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 18 ᠬᠡᠰᠡᠭ᠂ 1255 | ᠮᠥ ᠭᠠᠵᠠᠷ ᠰᠢᠷᠣᠶ ᠶᠢ ᠫᠠᠶᠢᠰᠠ ᠡᠯᠭᠦᠨ ᠰᠢᠯᠵᠢᠭᠦᠯᠦᠨ ᠬᠤᠳᠠᠯᠳᠤᠵᠤ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠪᠠ᠃ ᠡᠭᠡᠭᠦᠯᠦᠨ ᠨᠡᠭᠦᠯᠭᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠷᠦᠨ ᠽᠧ ᠶᠤᠸᠠᠨ ᠴᠡᠴᠡᠷᠯᠢᠭ ᠤᠨ ᠭᠤᠤᠯ ᠴᠣᠭᠴᠠ ᠶᠢᠨ ᠤᠷᠤᠢ ᠶᠢ ᠨᠢ | ᠠᠳᠠᠭᠠᠷᠯᠠᠵᠤ᠂ ᠾᠧ ᠽᠧ ᠶᠤᠸᠠᠨ ᠴᠡᠴᠡᠷᠯᠢᠭ ᠢ ᠡᠬᠢᠯᠡᠨ ᠪᠥᠲᠥᠭᠡᠨ ᠪᠠᠶᠢᠭᠤᠯᠵᠤ᠂ 3160 ᠡᠷᠦᠬᠡ᠂ 48 | ᠲᠦᠮᠡᠨ ᠲᠡᠭᠰᠢ ᠳᠥᠷᠪᠡᠯᠵᠢᠨ ᠮᠧᠲᠷ ᠤᠨ ᠰᠠᠭᠤᠭᠠᠯᠢ ᠠᠷᠠᠳ ᠢ ᠡᠭᠡᠭᠦᠯᠦᠨ ᠨᠡᠭᠦᠯᠭᠡᠵᠦ ᠲᠥᠪᠬᠢᠨᠡᠭᠦᠯᠬᠦ | ᠠᠰᠠᠭᠤᠳᠠᠯ ᠢ ᠰᠢᠢᠳᠪᠦᠷᠢᠯᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠬᠤᠷᠢᠶᠠᠯᠠᠯ ᠢ ᠥᠭᠡᠷᠡᠴᠢᠯᠡᠬᠦ | ᠰᠢᠨ᠎ᠡ ᠵᠠᠭᠪᠤᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ | ᠵᠠᠰᠠᠭ ᠤᠨ ᠣᠷᠳᠣᠨ ᠤ ᠭᠦᠢᠴᠡᠳ ᠨᠤᠲᠠᠯᠠᠯᠲᠠ ᠶᠢ ᠤᠯᠪᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠾᠧᠩ ᠳ᠋ᠡ ᠪᠠᠶᠠᠨ | ᠪᠦᠷᠢᠳᠦ ᠵᠡᠷᠭᠡ 7 ︽ᠠᠰᠠᠷ ᠲᠤᠰᠢᠶᠠᠬᠤ ᠶᠢ ᠪᠠᠲᠤᠯᠠᠬᠤ︾ ᠲᠥᠷᠥᠯ ᠵᠦᠢᠯ ᠢ ᠪᠦᠬᠦᠨ ᠢ ᠲᠤᠰᠢᠶᠠᠨ ᠥᠭᠪᠡ᠃ | ᠬᠤᠸᠠ ᠷᠦᠨ ᠷᠦᠢ ᠹᠦ᠋ ᠵᠡᠷᠭᠡ ᠴᠢᠨᠠᠷ ᠰᠠᠶᠢᠲᠠᠶ 17 ᠭᠠᠵᠠᠷ ᠰᠢᠷᠣᠶ ᠶᠢᠨ ᠬᠥᠷᠥᠩᠭᠡ ᠶᠢᠨ ᠲᠦᠷᠦᠯ ᠵᠦᠢᠯ ᠢ | ᠲᠦᠷᠭᠡᠨ ᠠᠬᠢᠭᠤᠯᠵᠤ᠂ 78 ᠬᠠᠭᠤᠴᠢᠨ ᠬᠤᠷᠢᠶᠠᠯᠠᠯ ᠪᠠ 50 ᠲᠦᠮᠡᠨ ᠲᠡᠭᠰᠢ ᠳᠥᠷᠪᠡᠯᠵᠢᠨ ᠮᠧᠲᠷ ᠤᠨ ᠬᠥᠳᠡᠭᠡ | ᠲᠣᠰᠬᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠬᠥᠳᠡᠭᠡ ᠶᠢᠨ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠳᠡᠭᠡᠭᠰᠢᠯᠡᠭᠦᠯᠪᠡ᠃ ᠬᠤᠮᠰᠢᠮ ᠪᠣᠳᠢᠰᠠᠳ᠋ᠸ᠎ᠠ ᠶᠢᠨ | ᠰᠦᠮ᠎ᠡ ᠶᠢᠨ ᠡᠮᠦᠨ᠎ᠡ ᠲᠠᠯ᠎ᠠ ᠵᠡᠷᠭᠡ 6 ᠤᠰᠤ ᠬᠤᠷᠠᠬᠤ ᠭᠠᠵᠠᠷ ᠢ ᠴᠡᠭᠴᠡᠯᠡᠨ ᠵᠠᠰᠠᠵᠤ᠂ ᠰᠢᠰᠢ ᠶᠢᠨ ᠪᠠᠶᠢᠰᠢᠩ | ᠲᠣᠰᠬᠤᠨ ᠤ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠤᠭᠤ ᠭᠠᠵᠠᠷ ᠤᠨ | ᠴᠡᠴᠡᠷᠯᠢᠭ ᠤᠨ ᠬᠤᠶᠢᠲᠤ ᠵᠠᠮ ᠤᠨ ᠵᠡᠭᠦᠨ ᠬᠡᠰᠡᠭ ᠵᠡᠷᠭᠡ 4 ᠲᠠᠰᠤᠷᠬᠠᠶ ᠵᠠᠮ ᠢ ᠨᠡᠪᠲᠡᠷᠡᠭᠦᠯᠵᠦ᠂ 30 ᠵᠢᠵᠢᠭ | ᠵᠡᠭᠡᠯᠢ ᠭᠤᠳᠤᠮᠵᠢ ᠪᠠ 7 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ᠂ ᠤᠯᠠᠨ ᠲᠦᠮᠡᠨ ᠤ | ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠣᠯᠭᠠᠪᠠ᠃ ᠡᠭᠦᠯᠡᠨ ᠳᠤᠮᠳᠠ ᠵᠠᠮ ᠤᠨ ᠰᠢᠨ᠎ᠡ ᠨᠢᠰᠬᠡᠯ ᠤᠨ | ᠪᠠᠭᠤᠳᠠᠯ ᠤᠨ ᠬᠤᠯᠪᠣᠬᠤ ᠱᠤᠭᠤᠮ᠂ ᠮᠠᠯ ᠤᠨ ᠰᠢᠨᠵᠢᠯᠡᠬᠦ ᠤᠬᠠᠭᠠᠨ ᠤ ᠰᠠᠯᠠᠭᠠᠨ ᠤ ᠵᠡᠭᠦᠨ ᠵᠠᠮ ᠤᠨ ᠵᠠᠳᠠᠭᠠᠶ | ᠭᠤᠤᠯ ᠢ ᠰᠤᠨᠳᠠᠯᠠᠭᠰᠠᠨ ᠶᠡᠭᠡ ᠬᠥᠭᠦᠷᠭᠡ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠰᠢᠨ᠎ᠡ | ᠨᠢᠰᠬᠡᠯ ᠤᠨ ᠪᠠᠭᠤᠳᠠᠯ ᠬᠢᠭᠡᠳ ᠭᠤᠤᠯ ᠬᠤᠲᠠ ᠶᠢᠨ ᠲᠣᠭᠤᠷᠢᠭ ᠤᠨ ᠲᠦᠷᠭᠡᠨ ᠰᠣᠯᠢᠭᠳᠠᠭᠰᠠᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠪᠡ᠃ | ᠬᠤᠲᠠ ᠶᠢᠨ ᠬᠠᠮᠢᠶᠠᠷᠤᠯᠲᠠ ᠡᠳᠦᠷ ᠢᠷᠡᠬᠦᠶ᠎ᠡ ᠨᠠᠷᠢᠯᠢᠭ ᠪᠤᠯᠪᠠ᠃ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠪᠠ ᠤᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠪᠡ᠃ 7 ᠭᠤᠣᠯ | ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ 5 ᠵᠠᠮ ᠢ | ᠭᠡᠷᠡᠯᠲᠦᠭᠦᠯᠦᠨ ᠭᠤᠶᠤᠵᠢᠭᠤᠯᠬᠤ ᠶᠢ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠶᠡᠭᠡ ᠲᠦᠷᠭᠡᠨ ᠭᠤᠣᠯ | ᠳᠠᠭᠠᠤ ᠶᠢᠨ 7 ᠲᠣᠰᠬᠤᠨ ᠢ ᠶᠡᠷᠦᠩᠬᠡᠶᠢᠯᠡᠨ ᠳᠡᠭᠡᠭᠰᠢᠯᠡᠭᠦᠯᠵᠦ ᠥᠭᠡᠷᠡᠴᠢᠯᠡᠬᠦ ᠶᠢ ᠪᠡᠶᠡᠯᠡᠭᠦᠯᠪᠡ᠃ ᠴᠠᠭ ᠤᠨ | ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ ᠪᠠ ᠠᠷᠠᠳ ᠤᠨ ᠠᠮᠢᠳᠤᠷᠠᠯ ᠤᠨ ᠥᠷᠯᠥᠭᠡ ᠶᠢᠨ ᠵᠠᠬ᠎ᠠ ᠳᠡᠯᠭᠡᠭᠦᠷ 12᠂ | ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠨᠣᠭᠤᠭᠠᠨ ᠤ ᠳᠡᠯᠭᠡᠭᠦᠷ 5 ᠶᠢ ᠨᠡᠮᠡᠨ ᠪᠠᠶᠢᠭᠤᠯᠵᠤ᠂ ᠨᠢᠭᠡ | ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ 2 ᠪᠠᠶᠢᠭᠤᠯᠪᠠ᠃ ᠲᠡᠷᠭᠡ ᠵᠣᠭᠰᠣᠭᠠᠬᠤ | ᠭᠠᠵᠠᠷ ᠢ 1.1 ᠲᠦᠮᠡ᠂ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 1100 ᠰᠢᠨ᠎ᠡ ᠪᠠᠷ ᠨᠡᠮᠡᠭᠳᠡᠭᠦᠯᠵᠦ᠂ | 16 ᠪᠠᠶᠢᠭᠤᠯᠭ᠎ᠠ ᠨᠢᠭᠡᠴᠢ ᠶᠢᠨ ᠲᠡᠷᠭᠡᠨ ᠵᠣᠭᠰᠣᠭᠠᠯ ᠢ ᠴᠠᠭ ᠵᠥᠷᠢᠭᠦᠯᠦᠨ ᠨᠡᠭᠡᠭᠡᠵᠦ᠂ ᠲᠡᠷᠭᠡ ᠵᠣᠭᠰᠣᠭᠠᠬᠤ ᠳᠤ | ᠬᠦᠴᠢᠷᠲᠡᠶ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ᠃ ᠠᠳᠠᠯ ᠠᠬᠤᠶ ᠶᠢᠨ ᠦᠢᠯᠡᠴᠢᠯᠡᠭᠡ ᠥᠬᠡᠶ | 168 ᠬᠤᠷᠢᠶᠠᠯᠠᠯ ᠢ ᠬᠥᠳᠡᠯᠦᠩᠭᠦᠶ ᠪᠠᠷ ᠲᠡᠭ ᠪᠣᠯᠭᠠᠵᠤ᠂ ᠦᠮᠴᠢᠲᠡᠨ ᠤ ᠵᠥᠪᠯᠡᠯ᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠭᠠᠵᠠᠷ ᠰᠢᠷᠣᠶ ᠶᠢᠨ ᠬᠠᠮᠢᠶᠠᠷᠤᠯᠲᠠ ᠶᠢ | ᠴᠢᠩᠳᠠᠯᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 165.6 ᠾᠧᠺᠲ᠋ᠠᠷ ᠭᠠᠵᠠᠷ ᠰᠢᠷᠣᠶ ᠶᠢ | ᠰᠢᠩᠭᠡᠭᠡᠵᠦ᠂ 48.9 ᠾᠧᠺᠲ᠋ᠠᠷ ᠰᠤᠯᠠ ᠪᠠᠶᠢᠬᠤ ᠭᠠᠵᠠᠷ ᠰᠢᠷᠣᠶ ᠶᠢ ᠰᠢᠢᠳᠪᠦᠷᠢᠯᠡᠵᠦ᠂ ᠪᠡᠶᠡᠯᠡᠭᠦᠯᠦᠭᠰᠡᠨ | ᠨᠣᠷᠮ᠎ᠠ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ᠃ 52 ᠰᠢᠨ᠎ᠡ ᠡᠨᠧᠷᠭᠢ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠢ ᠬᠠᠮᠠᠭᠠᠯᠠᠬᠤ ᠮᠠᠰᠢᠨ ᠲᠡᠷᠭᠡ ᠬᠤᠳᠠᠯᠳᠤᠨ ᠠᠪᠴᠤ᠂ ᠲᠤᠰᠬᠠᠶᠢᠵᠢᠭᠰᠠᠨ ᠴᠡᠪᠡᠷᠯᠡᠨ | ᠠᠷᠢᠭᠤᠳᠬᠠᠬᠤ ᠲᠠᠯᠠᠪᠠᠶ 1357 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠮᠠᠰᠢᠨ ᠴᠡᠪᠡᠷᠯᠡᠯᠲᠡ ᠶᠢᠨ | ᠨᠣᠷᠮ᠎ᠠ 92% ᠲᠤ ᠬᠥᠷᠪᠡ᠃ ᠪᠠᠷᠠᠭᠤᠨ ᠬᠤᠶᠢᠲᠤ ᠣᠷᠣᠨ ᠤ ᠠᠩᠬᠠᠳᠠᠭᠴᠢ ᠲᠦᠷᠪᠡ ᠲᠦᠷᠦᠯ ᠬᠤᠪᠢᠶᠠᠭᠰᠠᠨ | ᠠᠮᠢᠳᠤᠷᠠᠯ ᠤᠨ ᠬᠤᠭ ᠨᠣᠪᠰᠢ ᠶᠢᠨ ᠲᠠᠯᠠᠪᠤᠷ ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠬᠤᠭ ᠨᠣᠪᠰᠢ ᠶᠢ | ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ᠂ ᠬᠡᠮᠵᠢᠶ᠎ᠡ ᠶᠢ ᠪᠠᠭᠠᠰᠬᠠᠬᠤ ᠬᠢᠷᠢ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠨ ᠪᠣᠬᠢᠷᠲᠤᠯ ᠥᠬᠡᠶ ᠪᠣᠯᠭᠠᠵᠤ᠂ ᠠᠮᠢ | ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠶ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠪᠡ᠃ ᠤᠨᠢᠨ ᠳᠡᠭᠡᠷ᠎ᠡ ᠨᠢ ᠬᠡᠢ ᠶᠢ | ᠵᠠᠰᠠᠵᠤ᠂ ᠰᠢᠲᠠᠭᠠᠬᠤ ᠶᠢ ᠴᠠᠭᠠᠵᠠᠯᠠᠬᠤ ᠣᠷᠣᠨ ᠠᠴᠠ ᠭᠠᠳᠠᠨᠠᠬᠢ 9 ᠲᠣᠰᠬᠤᠨ᠂ 3421 ᠡᠷᠦᠬᠡ ᠶᠢᠨ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ 11 ᠨᠡᠭᠦᠷᠡᠰᠦ | ᠰᠢᠲᠠᠭᠠᠬᠤ ᠭᠦᠸᠧᠯᠦ ᠶᠢ ᠨᠤᠷᠠᠭᠠᠬᠤ ᠶᠢᠨ ᠬᠠᠮᠲᠤ ᠨᠡᠶᠢᠳᠬᠡᠵᠦ᠂ ︽ᠰᠤᠯᠠ ᠰᠠᠮᠠᠭᠤᠷᠠᠭᠰᠠᠨ ᠪᠤᠬᠢᠷᠲᠤᠭᠰᠠᠨ︾ 6 | ᠠᠵᠤ ᠠᠬᠤᠶᠢᠯᠠᠯ ᠢ ᠬᠦᠴᠦᠨ ᠦᠭᠡᠢ ᠪᠣᠯᠭᠠᠵᠤ᠂ ᠡᠰᠢ ᠰᠦᠷᠡᠯ ᠢ ᠰᠢᠲᠠᠭᠠᠬᠤ᠂ ᠪᠠᠷᠢᠯᠭ᠎ᠠ ᠶᠢᠨ ᠭᠠᠵᠠᠷ ᠲᠤ | ᠲᠣᠭᠤᠰᠣ ᠳᠡᠭᠳᠡᠬᠦ᠂ ᠢᠳᠡᠭᠡᠨ ᠤᠮᠳᠠᠭᠠᠨ ᠤ ᠲᠤᠰᠤ ᠤᠲᠤᠭ᠎ᠠ ᠶᠢᠨ ᠪᠣᠬᠢᠷᠲᠤᠯ ᠵᠡᠷᠭᠡ ᠠᠵᠢᠯᠯᠠᠭ᠎ᠠ ᠶᠢ ᠴᠢᠩᠭ᠎ᠠ | ᠬᠢᠵᠠᠭᠠᠷᠯᠠᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 304 ᠡᠳᠦᠷ ᠲᠤ | ᠬᠦᠷᠪᠡ᠃ ᠤᠰᠤ ᠶᠢ ᠰᠢᠰᠲ᠋ᠧᠮ ᠲᠠᠢ ᠪᠠᠷ ᠵᠠᠰᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠡᠶᠡᠯᠡᠭᠦᠯᠵᠦ᠂ ᠦᠨᠡᠮᠯᠡᠯ ᠥᠬᠡᠶ ᠪᠠᠷ ᠥᠪᠡᠰᠦᠪᠡᠨ ᠪᠡᠯᠡᠳᠬᠡᠭᠰᠡᠨ 3 ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ | 52 ᠾᠧᠺᠲ᠋ᠠᠷ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ ᠶᠢ ᠪᠦᠲᠦᠮᠵᠢᠲᠡᠶ ᠵᠠᠰᠠᠪᠠ᠃ ᠭᠤᠤᠯ ᠤᠨ | ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 5 ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ | ᠴᠢᠨᠠᠷ ᠢ ᠴᠥᠮ ᠪᠠᠷᠢᠮᠵᠢᠶ᠎ᠠ ᠳᠤ ᠬᠦᠷᠦᠭᠦᠯᠵᠦ᠂ ᠭᠤᠤᠯ ᠤᠨ ᠵᠠᠮ ᠤᠨ ᠬᠤᠷᠠᠭᠰᠠᠨ ᠢ ᠠᠷᠢᠯᠭᠠᠨ ᠯᠠᠶᠢᠳᠠᠬᠤ ᠠᠵᠢᠯ | ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ᠰᠠᠶᠢᠰᠢᠶᠠᠯ ᠢ ᠬᠦᠷᠲᠡᠪᠡ᠃ ᠶᠡᠭᠡ ᠲᠦᠷᠭᠡᠨ ᠭᠤᠣᠯ ᠤᠨ | ᠭᠤᠣᠯ ᠤᠨ ᠵᠠᠮ ᠢ ᠰᠡᠯᠪᠢᠨ ᠵᠠᠰᠠᠬᠤ ᠪᠠ ᠰᠡᠬᠦᠯ ᠤᠨ ᠤᠰᠤ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ 12.7 ᠺᠢᠯᠣᠮᠧᠲᠷ ᠤᠨ ᠤᠰᠤᠨ ᠰᠢᠰᠲ᠋ᠧᠮ ᠢ ᠪᠦᠬᠦ ᠱᠤᠭᠤᠮ ᠢᠶᠠᠷ ᠬᠤᠯᠪᠣᠵᠤ᠂ | ᠡᠮᠦᠨ᠎ᠡ ᠤᠮᠠᠷ᠎ᠠ ᠡᠷᠭᠢ ᠶᠢᠨ ᠲᠣᠭᠤᠷᠢᠯ ᠵᠠᠮ ᠢ ᠪᠦᠬᠦ ᠲᠠᠯ᠎ᠠ ᠪᠠᠷ ᠨᠡᠪᠲᠡᠷᠡᠭᠦᠯᠵᠦ᠂ ᠭᠤᠣᠯ ᠤᠨ ᠵᠠᠮ ᠤᠨ ᠠᠮᠢ | ᠠᠬᠤᠶ ᠶᠢ ᠬᠠᠳᠠᠭᠠᠯᠠᠬᠤ ᠴᠢᠳᠠᠮᠵᠢ ᠶᠢ ᠢᠯᠡᠳᠲᠡ ᠴᠢᠩᠭᠠᠷᠠᠭᠤᠯᠪᠠ᠃ ᠬᠥᠷᠥᠰᠥ ᠰᠢᠷᠣᠶ ᠶᠢ ᠴᠢᠩᠳᠠ ᠵᠠᠰᠠᠵᠤ᠂ ︽ | ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ 90% ᠠᠴᠠ | ᠳᠡᠭᠡᠭᠰᠢ ᠳᠤ ᠬᠦᠷᠦᠭᠦᠯᠪᠡ᠃ 60 ᠬᠠᠷᠮᠠᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 14 ᠵᠠᠮ ᠢ | ᠨᠣᠭᠤᠭᠠᠷᠠᠭᠤᠯᠵᠤ᠂ 35 ᠺᠢᠯᠣᠮᠧᠲᠷ ᠬᠤᠲᠠ ᠶᠢᠨ ᠨᠣᠭᠤᠭᠠᠨ ᠵᠠᠮ ᠢ ᠵᠠᠰᠠᠨ ᠪᠠᠶᠢᠭᠤᠯᠵᠤ᠂ 200 ᠦᠵᠡᠮᠵᠢ ᠶᠢᠨ | ᠴᠡᠭ ᠢ ᠪᠠᠶᠢᠭᠤᠯᠵᠤ᠂ 3100 ᠮᠥ ᠨᠤᠭᠤ ᠭᠠᠵᠠᠷ ᠤᠨ ᠠᠮᠢ ᠠᠬᠤᠶ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.2% ᠲᠤ ᠬᠦᠷᠴᠦ᠂ ᠬᠥᠬᠡ ᠨᠣᠭᠤᠭᠠᠨ | ᠰᠦᠯᠵᠢᠯᠳᠦᠭᠰᠡᠨ᠂ ᠤᠰᠤ ᠬᠤᠲᠠ ᠨᠡᠶᠢᠯᠡᠭᠰᠡᠨ ᠠᠮᠢ ᠠᠬᠤᠶ ᠶᠢᠨ ᠵᠢᠷᠤᠭ ᠡᠳᠦᠷ ᠢᠷᠡᠬᠦᠶ᠎ᠡ ᠲᠣᠳᠣᠷᠠᠪᠠ᠃ | ᠨᠢᠭᠡ ᠵᠢᠯ ᠤᠨ ᠲᠤᠷᠰᠢ᠂ ᠪᠢᠳᠡ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠵᠦ ᠰᠠᠭᠤᠷᠢ ᠪᠠᠨ | ᠪᠠᠲᠤᠳᠬᠠᠨ᠂ ᠨᠡᠶᠢᠭᠡᠮ ᠤᠨ ᠵᠠᠰᠠᠯᠲᠠ ᠶᠢ ᠨᠠᠩ ᠪᠦᠲᠦᠮᠵᠢᠲᠡᠶ ᠪᠣᠯᠭᠠᠪᠠ | ᠠᠮᠤᠷ ᠠᠮᠤᠭᠤᠯᠠᠩ ᠢᠦᠢ ᠴᠢᠤᠸᠠᠨ ᠢ ᠯᠠᠪᠳᠠᠭᠤᠨ ᠢᠶᠠᠷ ᠠᠬᠢᠭᠤᠯᠪᠠ᠃ ᠠᠶᠤᠯᠭᠦᠶ ᠦᠢᠯᠡᠳᠪᠦᠷᠢᠯᠡᠯ ᠤᠨ ︽ | ᠠᠷᠪᠠᠨ ᠲᠠᠪᠤᠨ ᠵᠤᠷᠪᠤᠰ︾ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠵᠢᠯ ᠳᠤ | ᠨᠡᠯᠢᠶᠡᠳ ᠶᠡᠭᠡ ᠠᠴᠠ ᠳᠡᠭᠡᠭᠰᠢ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠭᠠᠷᠤᠭᠰᠠᠨ ᠦᠭᠡᠢ᠃ 22 | ᠺᠢᠯᠣᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠢ ᠥᠭᠡᠷᠡᠴᠢᠯᠡᠵᠦ᠂ ᠰᠢᠲᠠᠮᠠᠬᠠᠶ ᠬᠡᠢ ᠶᠢᠨ | ᠮᠡᠷᠭᠡᠵᠢᠯ ᠤᠨ ᠰᠡᠷᠭᠡᠶᠢᠯᠡᠯᠲᠡ ᠶᠢᠨ ᠤᠭᠰᠠᠷᠠᠯᠲᠠ ᠶᠢ ᠪᠦᠬᠦᠨ ᠢ ᠪᠦᠷᠬᠦᠭᠦᠯᠪᠡ᠃ ︽ᠳᠥᠷᠪᠡᠨ ᠬᠠᠮᠤᠭ ᠤᠨ ᠴᠢᠩᠭ᠎ᠠ︾ | ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠪᠠᠶᠢᠩᠭᠤᠵᠢᠭᠤᠯᠤᠨ ᠦᠷᠨᠢᠭᠦᠯᠪᠡ᠃ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠪᠡ᠃ ︽ᠲᠠᠪᠤᠨ ᠳᠦᠷᠢᠮ ᠨᠢᠭᠡ ᠮᠥᠩᠭᠦ︾ ᠶᠢᠨ ᠳᠦᠷᠢᠮ ᠢ ᠴᠢᠩᠭ᠎ᠠ | ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠬᠤ᠂ ᠴᠠᠬᠢᠯᠭᠠᠨ ᠬᠤᠯᠪᠤᠭᠠᠨ ᠤ ᠮᠡᠬᠡᠯᠡᠯ ᠵᠡᠷᠭᠡ ᠬᠠᠤᠯᠢ ᠶᠢ ᠵᠥᠷᠢᠴᠡᠭᠰᠡᠨ ᠡᠯ᠎ᠡ | ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ | ᠬᠡᠷᠡᠭ ᠤᠨ ᠬᠤᠣᠰ ᠪᠠᠭᠤᠷᠠᠯᠲᠠ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢ ᠨᠡᠩ ᠡᠶ᠎ᠡ ᠵᠣᠬᠢᠴᠠᠯ ᠲᠠᠢ | ᠪᠥᠭᠡᠳ ᠲᠣᠭᠲᠠᠭᠤᠨ ᠪᠠᠶᠢᠳᠠᠯ ᠲᠠᠢ ᠪᠣᠯᠭᠠᠪᠠ᠃ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠳᠡᠭᠡᠭᠰᠢᠯᠡᠪᠡ᠃ ︽ᠡᠷᠲᠡᠨ ᠤ ᠡᠭᠡᠰᠢᠭᠯᠡᠯᠲᠦ | ᠢᠦᠢ ᠴᠢᠤᠸᠠᠨ ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠲᠦᠷᠦᠯ ᠲᠡᠮᠳᠡᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠤ ᠢᠦᠢ ᠴᠢᠤᠸᠠᠨ ᠠᠵᠢᠯ ᠤᠨ ᠦᠷᠳᠡᠭᠡ ᠶᠢ ᠪᠠᠶᠢᠭᠤᠯᠵᠤ᠂ | ᠵᠤᠤ ᠵᠢᠶᠦ᠋ᠨ ᠤ ᠨᠤᠲᠤᠭ ᠬᠤᠪᠸᠢ ᠶᠢᠨ ᠰᠢᠩ ᠱᠠᠨ ᠰᠢᠶᠠᠨ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ | ᠲᠤᠬᠢᠷᠠᠯᠴᠠᠵᠤ᠂ ᠤᠷᠳᠤ ᠬᠤᠭᠤᠴᠠᠭᠠᠨ ᠤ ᠨᠥᠬᠦᠷᠰᠡᠭ ᠰᠣᠯᠢᠯᠴᠠᠭᠠᠨ ᠤ ᠬᠠᠷᠢᠯᠴᠠᠭ᠎ᠠ ᠶᠢ ᠪᠠᠶᠢᠭᠤᠯᠪᠠ᠃ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ᠂ ᠨᠡᠶᠢᠭᠡᠮ ᠲᠣᠭᠤᠷᠢᠭ ᠢ 21 | ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠠᠵᠢᠯ ᠤᠨ 69 ᠵᠦᠢᠯ ᠤᠨ ᠲᠤᠰᠢᠶᠠᠯ ᠬᠠᠷᠢᠭᠤᠴᠠᠯᠭ᠎ᠠ ᠶᠢ | ᠴᠣᠮᠬᠠᠳᠬᠠᠵᠤ᠂ ᠡᠯ᠎ᠡ ᠲᠦᠷᠦᠯ ᠤᠨ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ 33 ᠵᠦᠢᠯ ᠢ ᠬᠦᠴᠦᠨ | ᠦᠭᠡᠢ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠳᠠᠨ ᠤ ᠠᠵᠢᠯ ᠤᠨ ᠪᠠᠶᠢᠷᠢ ᠶᠢᠨ ᠴᠠᠯᠢᠩ ᠣᠯᠭᠤᠮᠵᠢ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠪᠠ᠃ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ | ᠦᠢᠯᠡᠴᠢᠯᠡᠭᠡ ᠶᠢ ᠨᠡᠶᠢᠳᠡᠮ ᠪᠦᠷᠬᠦᠭᠦᠯᠵᠦ᠂ ᠨᠢᠭᠡ ᠪᠦᠯᠦᠭ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠲᠦᠢᠯᠪᠤᠷᠢᠲᠠᠶ ᠰᠢᠢᠳᠪᠦᠷᠢᠯᠡᠪᠡ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ︽ | ᠲᠦᠷᠪᠡᠨ ᠨᠤᠷᠮ᠎ᠠ︾ ᠶᠢ ᠢᠯᠡᠳᠲᠡ ᠳᠡᠭᠡᠭᠰᠢᠯᠡᠭᠦᠯᠵᠦ᠂ 8.4 ᠲᠦᠮᠡᠨ ᠬᠤᠪᠢ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠰᠢᠭᠤᠳ ᠲᠦᠷᠭᠡᠨ ᠰᠢᠢᠳᠪᠦᠷᠢᠯᠡᠪᠡ᠃ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠪᠥᠬᠦ | ᠤᠯᠤᠰ ᠤᠨ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠶᠢᠨ ᠲᠡᠷᠢᠭᠦᠨ ᠤ ᠨᠢᠭᠡᠴᠢ ᠪᠠᠷ ᠦᠨᠡᠯᠡᠭᠳᠡᠵᠦ᠂ | ᠴᠠᠩ ᠾᠧ ᠯᠠᠩ ᠤᠨ ᠲᠣᠮᠢᠯᠠᠭᠰᠠᠨ ᠰᠠᠯᠪᠤᠷᠢ ᠥᠪᠡᠷᠲᠡᠭᠡᠨ ᠵᠠᠰᠠᠬᠤ ᠣᠷᠣᠨ ᠤ ︽ᠹᠧᠩᠴᠢᠶᠤᠤ ᠮᠠᠶ᠋ᠢᠭ ᠤᠨ | ᠠᠵᠢᠯᠯᠠᠬᠤ ᠠᠷᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ ᠪᠣᠳᠠᠲᠠᠶ ᠠᠵᠢᠯ ᠢ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠪᠡ | ᠨᠡᠶᠢᠭᠡᠮ ᠤᠨ ᠪᠠᠲᠤᠯᠠᠭ᠎ᠠ ᠪᠠᠲᠤ ᠴᠢᠩᠭ᠎ᠠ ᠪᠥᠭᠡᠳ ᠬᠦᠴᠦᠨ ᠲᠡᠭᠦᠯᠳᠡᠷ ᠪᠠᠶᠢᠨ᠎ᠠ᠃ ᠬᠤᠲᠠ ᠪᠠᠯᠭᠠᠰᠤᠨ ᠤ | 7505 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 9554 ᠬᠥᠳᠡᠯᠮᠦᠷᠢ ᠶᠢᠨ | ᠬᠦᠴᠦᠨ ᠢ ᠰᠢᠯᠵᠢᠭᠦᠯᠦᠨ ᠠᠵᠢᠯ ᠣᠯᠭᠤᠵᠤ᠂ 3.9 ᠲᠦᠮᠡᠨ ᠬᠥᠮᠦᠨ ᠳᠤ ᠠᠮᠢᠳᠤᠯᠢᠭ ᠢᠶᠠᠷ ᠠᠵᠢᠯ ᠣᠯᠭᠤᠬᠤ | ᠠᠵᠢᠯ ᠤᠨ ᠪᠠᠶᠢᠷᠢ ᠬᠠᠩᠭᠠᠵᠤ᠂ ︽ᠢᠦᠢ ᠴᠢᠤᠸᠠᠨ ᠤ ᠠᠵᠢᠯᠳᠠᠨ ᠠᠵᠢᠯᠴᠢᠨ ᠤ ᠭᠡᠷ︾ ᠤᠨ ᠵᠢᠵᠢᠭ ᠫᠷᠤᠭ᠍ᠷᠠᠮ | ᠪᠦᠬᠦ ᠤᠯᠤᠰ ᠤᠨ ︽ᠰᠢᠶᠠᠨ ︵ᠲᠣᠭᠤᠷᠢᠭ︶ ᠤ ᠲᠡᠰ ᠤᠨ ᠠᠷᠪᠠᠨ ᠰᠢᠯᠢᠳᠡᠭ︾ ᠤᠨ ᠲᠠᠪᠴᠠᠩ ᠢᠶᠠᠷ ᠦᠨᠡᠯᠡᠭᠳᠡᠪᠡ᠃ | ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠢᠳᠡᠪᠬᠢᠲᠡᠶ ᠪᠠᠷ ᠳᠥᠯᠭᠢᠨ | ᠠᠬᠢᠭᠤᠯᠵᠤ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ 286 ᠴᠤᠭᠯᠠᠭᠤᠯᠤᠨ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ 800 ᠲᠦᠮᠡᠨ ᠲᠥᠭᠦᠷᠢᠭ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠨ | 5685 ᠰᠣᠷᠣᠭᠴᠢ ᠢᠦᠶ ᠴᠢᠤᠸᠠᠨ ᠳᠤ ᠦᠨᠳᠦᠰᠦᠯᠡᠪᠡ᠃ ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠴᠡᠭ ᠢ 110 ᠪᠠᠶᠢᠭᠤᠯᠵᠤ᠂ ᠪᠥᠬᠦ ᠵᠢᠯ ᠳᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ 3874 ᠲᠦᠮᠡᠨ ᠲᠥᠭᠦᠷᠢᠭ | ᠲᠠᠷᠬᠠᠭᠠᠪᠠ᠃ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 18 ᠰᠢᠨ᠎ᠡ ᠪᠠᠷ | ᠪᠠᠶᠢᠭᠤᠯᠵᠤ᠂ 280 ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠤᠶᠠᠷ ᠢ | ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠦᠢᠯᠡᠴᠢᠯᠡᠭᠡ ᠶᠢ | ᠲᠠᠰᠤᠷᠠᠯᠳᠠ ᠦᠭᠡᠢ ᠰᠢᠯᠢᠳᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ | ᠰᠤᠷᠭᠠᠨ ᠬᠥᠮᠦᠵᠢᠯ ᠤᠨ ᠦᠢᠯᠡᠰ ᠴᠢᠨᠠᠷ ᠰᠠᠶᠢᠲᠠᠶ ᠬᠥᠭᠵᠢᠪᠡ᠃ 7.8 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ 10 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠷᠢᠨ ᠳᠣᠯᠣᠳᠤᠭᠠᠷ ᠳᠤᠮᠳᠠᠳᠤ | ᠰᠤᠷᠭᠠᠭᠤᠯᠢ ᠶᠢᠨ ᠰᠢᠨ᠎ᠡ ᠬᠠᠶ᠋ᠢᠭ ᠤᠨ ᠭᠤᠤᠯ ᠴᠣᠭᠴᠠ ᠶᠢᠨ ᠳᠡᠭᠡᠪᠦᠷ ᠢ ᠪᠢᠲᠡᠭᠦᠮᠵᠢᠯᠡᠨ᠂ ᠶᠢᠨ ᠾᠧ ᠬᠤᠶᠢᠲᠤ | ᠵᠡᠭᠡᠯᠢ ᠶᠢᠨ ᠪᠠᠭ᠎ᠠ ᠰᠤᠷᠭᠠᠭᠤᠯᠢ ︵ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠪᠠᠭ᠎ᠠ ᠰᠤᠷᠭᠠᠭᠤᠯᠢ ᠶᠢᠨ ᠬᠡᠯᠲᠡᠰ︶ ᠶᠢ ᠠᠵᠢᠯ ᠡᠬᠢᠯᠡᠭᠦᠯᠦᠨ ᠪᠠᠶᠢᠭᠤᠯᠵᠤ᠂ ᠡᠭᠦᠯᠡᠨ ᠳᠤᠮᠳᠠ ᠵᠠᠮ ᠵᠡᠷᠭᠡ | ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠪᠠ᠃ ᠬᠠᠭᠤᠴᠢᠨ ᠰᠤᠷᠭᠠᠭᠤᠯᠢ ᠶᠢ 24 ᠥᠭᠡᠷᠡᠴᠢᠯᠡᠨ | ᠳᠡᠭᠡᠭᠰᠢᠯᠡᠭᠦᠯᠵᠦ᠂ 10 ᠬᠡᠦᠬᠡᠳ ᠤᠨ ᠴᠡᠴᠡᠷᠯᠢᠭ ᠢ ᠬᠦᠯᠢᠶᠡᠨ ᠠᠪᠴᠤ ᠲᠣᠬᠢᠷᠠᠭᠤᠯᠤᠨ ᠪᠠᠶᠢᠭᠤᠯᠪᠠ᠃ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ | ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠭᠤᠤᠯ ᠴᠣᠭᠴᠠ ᠶᠢᠨ ᠳᠡᠭᠡᠪᠦᠷ ᠢ ᠪᠢᠲᠡᠭᠦᠮᠵᠢᠯᠡᠵᠦ᠂ ᠭᠠᠳᠠᠭᠠᠳᠤ ᠳᠤ ᠰᠤᠷᠤᠯᠴᠠᠬᠤ | ᠰᠣᠷᠣᠭᠴᠢ ᠪᠠ ᠠᠰᠫᠢᠷᠠᠨᠲ ᠤᠨ ᠠᠰᠠᠷ ᠢ ᠠᠰᠢᠭᠯᠠᠯᠲᠠ ᠳᠤ ᠣᠷᠣᠭᠤᠯᠪᠠ᠃ ᠪᠠᠭᠰᠢ ᠶᠢ 145 ᠨᠡᠷᠡᠰ ᠢᠯᠡ ᠪᠠᠷ | ᠤᠷᠢᠵᠤ᠂ ︽ᠵᠠᠮᠴᠢᠯᠠᠭᠴᠢ ᠵᠠᠬᠢᠷᠤᠯ︾᠂ ︽ᠰᠢᠯᠭᠠᠷᠠᠭᠰᠠᠨ ᠪᠠᠭᠰᠢ︾᠂ ︽ᠰᠢᠯᠢᠳᠡᠭ ᠵᠢᠭᠠᠨ ᠰᠤᠳᠤᠯᠬᠤ ᠪᠦᠯᠬᠦᠮ︾ | ᠤᠨ ᠪᠣᠯᠪᠠᠰᠤᠷᠠᠭᠤᠯᠤᠯ ᠢ 2.5 ᠲᠦᠮᠡᠨ ᠬᠥᠮᠦᠨ ᠤᠳᠠᠭ᠎ᠠ ᠥᠷᠨᠢᠭᠦᠯᠪᠡ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠬᠢᠵᠠᠭᠠᠷ ᠬᠤᠪᠢ ᠶᠢ ᠳᠠᠪᠠᠭᠰᠠᠨ ᠨᠣᠷᠮ᠎ᠠ᠂ ᠵᠢᠩᠬᠢᠨᠢ ᠠᠩᠭᠢ ᠶᠢᠨ | ᠨᠢᠭᠡᠳᠦᠭᠡᠷ ᠬᠢᠵᠠᠭᠠᠷ ᠬᠤᠪᠢ ᠶᠢ ᠳᠠᠪᠠᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 6% ᠪᠠ 4.9% ᠪᠠᠷ | ᠳᠡᠭᠡᠭᠰᠢᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ | ᠭᠠᠷᠪᠠ᠃ ᠡᡁᠧᠩ ᠴᠠᠩ ᠳ᠋ᠢᠶᠠᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠨᠡᠶᠢᠲᠡ ᠶᠢᠨ ᠠᠰᠠᠷᠠᠮᠵᠢ ᠶᠢᠨ | ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠪᠦᠬᠦ | ᠤᠯᠤᠰ ᠤᠨ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ᠶᠢᠨ ᠢᠷᠠᠭᠤ ᠠᠯᠳᠠᠷ ᠢ ᠬᠦᠷᠳᠡᠵᠤ᠂ | ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠠᠴᠠ ︽ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠦᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠷᠠᠭᠤ ᠠᠯᠳᠠᠷ ᠢ ᠬᠦᠷᠲᠡᠭᠡᠪᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠲᠣᠭᠲᠠᠭᠤᠨ ᠢᠶᠠᠷ ᠳᠡᠭᠡᠭᠰᠢᠯᠡᠪᠡ᠃ ᠢᠦᠶ ᠴᠢᠤᠸᠠᠨ ᠶᠡᠷᠦᠩᠬᠡᠶ | ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠠᠵᠢᠯᠯᠠᠵᠤ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠲᠠᠢ | ᠬᠠᠮᠲᠤᠷᠠᠨ ︽ᠲᠣᠭᠤᠷᠢᠭ ᠬᠤᠲᠠ ᠬᠠᠮᠵᠢᠯᠴᠠᠨ ᠬᠥᠭᠵᠢᠬᠦ︾ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠡᠭᠦᠳᠪᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠡᠬᠢᠯᠡᠭᠦᠯᠪᠡ᠃ ᠴᠠᠭᠠᠨ | ᠭᠤᠶᠣᠣ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ | ᠡᠮᠨᠡᠯᠭᠡ ᠪᠤᠯᠭᠠᠨ ᠲᠡᠰ ᠳᠡᠪᠰᠢᠭᠦᠯᠪᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠥᠷᠲᠡᠭᠡ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠶᠢ | ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ | ᠨᠣᠷᠮ᠎ᠠ 50% ᠳᠤ ᠬᠦᠷᠪᠡ᠃ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠯᠢ ᠴᠧᠩ ᠨᠡᠶᠢᠭᠡᠮ ᠲᠣᠭᠤᠷᠢᠭ ︽ᠪᠥᠬᠦ | ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ | ᠢᠶᠠᠷ ᠦᠨᠡᠯᠡᠭᠳᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠪᠠᠭ᠎ᠠ ᠵᠤᠤ ᠴᠠᠮᠬᠠᠭᠲᠤ ᠠᠰᠠᠷ ᠵᠡᠷᠭᠡ 4 | ᠭᠠᠵᠠᠷ ᠤᠨ ᠰᠣᠶᠣᠯ ᠤᠨ ᠬᠠᠮᠠᠭᠠᠯᠠᠯᠲᠠ ᠶᠢᠨ ᠨᠢᠭᠡᠴᠢ ᠶᠢ ᠰᠡᠯᠪᠢᠨ ᠵᠠᠰᠠᠵᠤ᠂ ᠬᠤᠪᠢᠰᠬᠠᠯ ᠤᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ︽ᠰᠦᠢᠶᠤᠸᠠᠨ ᠮᠣᠩᠭᠤᠯ ᠤᠨ ᠶᠠᠫᠣᠨ ᠢ ᠡᠰᠡᠷᠭᠦᠴᠡᠵᠦ ᠤᠯᠤᠰ ᠢᠶᠠᠨ ᠠᠪᠤᠷᠠᠬᠤ | ᠬᠤᠷᠠᠯ ᠤᠨ ᠬᠠᠭᠤᠴᠢᠨ ᠪᠠᠭᠤᠷᠢ︾ ᠶᠢ ᠵᠢᠩᠬᠢᠨᠢ ᠪᠠᠷ ᠨᠡᠭᠡᠭᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ | ᠣᠶᠢᠯᠠᠭᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠷᠠᠯᠢᠭ ᠤᠨ ᠦᠢᠯᠡᠳᠦᠯᠭᠡ ᠶᠢ ᠨᠢᠭᠡ | ᠴᠤᠬᠴᠠᠵᠢᠭᠤᠯᠤᠬᠰᠠᠨ ᠲᠢᠶᠠᠨ ᠷᠦᠢ ᠢᠷᠡᠭᠡᠳᠦᠢ ᠶᠢᠨ ᠬᠤᠳᠠ ᠶᠢᠨ ᠴᠤᠭᠯᠠᠷᠠᠯ ᠤᠨ ᠨᠥᠯᠥᠭᠡᠯᠡᠬᠦ ᠬᠦᠴᠦᠨ | ᠦᠷᠭᠦᠯᠵᠢᠯᠡᠨ ᠥᠷᠭᠡᠳᠴᠦ᠂ ᠢᠦᠢ ᠴᠢᠤᠸᠠᠨ ᠲᠤᠮᠤ ᠠᠰᠠᠷ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠬᠥᠮᠦᠵᠢᠭᠦᠯᠬᠦ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠰᠣᠩᠭᠤᠭᠳᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠤᠷᠠᠨ ᠰᠠᠶᠢᠬᠠᠨ ᠤ ᠲᠣᠭᠯᠠᠯᠲᠠ᠂ | ᠺᠢᠨᠣ᠋ ᠶᠢᠨ ᠦᠵᠡᠭᠦᠯᠦᠯᠭᠡ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠮᠢᠩᠭ᠎ᠠ ᠰᠢᠬᠠᠮ | ᠲᠠᠯᠠᠪᠤᠷ ᠥᠷᠨᠢᠭᠦᠯᠵᠦ᠂ ︽ᠲᠦᠮᠡᠨ ᠭᠠᠵᠠᠷ ᠤᠨ ᠴᠠᠶ ᠶᠢᠨ ᠵᠠᠮ ᠲᠦᠮᠡᠨ ᠭᠠᠵᠠᠷ ᠤᠨ ᠬᠠᠶᠢᠷ᠎ᠠ ᠰᠡᠳᠬᠢᠯᠭᠡ︾ ᠵᠡᠷᠭᠡ | ᠰᠣᠳᠣᠨ ᠵᠦᠴᠦᠭᠡ ᠶᠢ ᠨᠠᠶᠢᠷᠠᠭᠤᠯᠤᠨ ᠵᠣᠬᠢᠶᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ | ᠲᠦᠮᠡᠨ ᠳᠤ ᠦᠢᠯᠡᠴᠢᠯᠡᠭᠰᠡᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠵᠠᠯᠭᠠᠭ᠎ᠠ ᠪᠠᠷ ᠤᠯᠠᠮᠵᠢᠯᠠᠪᠠ᠃ ᠪᠠᠯᠠ | ᠣᠷᠣᠭᠤᠯᠤᠯᠲᠠ ᠳᠤ ᠣᠷᠣᠯᠴᠠᠭᠰᠠᠨ ︽ᠳ᠋ᠠ ᠱᠧᠩ ᠺᠦᠶ︾ ᠲᠧᠯᠸᠢᠰ ᠵᠦᠴᠦᠭᠡ ᠶᠢ ᠣᠯᠠᠨ ᠭᠠᠵᠠᠷ ᠤᠨ ᠣᠳᠣᠨ | ᠲᠧᠯᠸᠢᠰ ᠲᠤ ᠦᠷᠭᠦᠯᠵᠢᠯᠡᠨ ᠨᠡᠪᠲᠡᠷᠡᠭᠦᠯᠵᠦ᠂ ᠳᠤᠮᠳᠠᠳᠤ ᠠᠮᠧᠷᠢᠺᠠ ᠶᠢᠨ ᠲᠧᠯᠸᠢᠰ ᠤᠨ ᠪᠠᠶᠠᠷ ᠤᠨ ᠠᠯᠲᠠᠨ | ᠲᠩᠷᠢ ᠶᠢᠨ ᠡᠯᠴᠢ ᠶᠢᠨ ᠱᠠᠩᠨᠠᠯ ᠢ ᠢᠷᠠᠭᠤ ᠠᠯᠳᠠᠷᠲᠠᠶ ᠪᠠᠷ ᠭᠥᠷᠳᠡᠪᠡ᠃ ᠪᠦᠬᠦ ᠠᠷᠠᠳ ᠤᠨ ᠪᠡᠶ᠎ᠡ ᠶᠢᠨ ᠲᠠᠮᠢᠷ ᠤᠨ | ᠴᠤᠭᠯᠠᠭᠠᠨ᠂ ᠪᠣᠬᠢᠷᠲᠤᠯ ᠦᠭᠡᠢ ᠢᠳᠡᠷᠡᠭᠦᠨ ᠠᠯᠬᠤᠬᠤ᠂ ᠨᠠᠭᠤᠷ ᠲᠣᠭᠤᠷᠢᠨ ᠳᠤᠭᠤᠢ ᠤᠨᠤᠬᠤ ᠵᠡᠷᠭᠡ | ᠠᠵᠢᠯᠯᠠᠭ᠎ᠠ ᠶᠢ 50 ᠭᠠᠷᠤᠶ ᠲᠠᠯᠠᠪᠤᠷ ᠡᠷᠬᠢᠯᠡᠵᠦ᠂ ᠪᠡᠶ᠎ᠡ ᠴᠢᠭᠢᠷᠠᠭᠵᠢᠭᠤᠯᠬᠤ ᠵᠠᠮ ᠢ 282 ᠢᠵᠢ ᠰᠢᠨ᠎ᠡ ᠪᠠᠷ | ᠨᠡᠮᠡᠭᠳᠡᠭᠦᠯᠵᠦ᠂ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠪᠠ ᠨᠡᠶᠢᠭᠡᠮ ᠲᠣᠭᠤᠷᠢᠭ ᠤᠨ | ᠵᠢᠯᠣᠭᠤᠳᠬᠤ ᠦᠷᠳᠡᠭᠡ ᠶᠢ 60 ᠪᠠᠶᠢᠭᠤᠯᠵᠤ᠂ ᠤᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠲᠠᠮᠢᠷ ᠤᠨ | ᠬᠥᠳᠡᠯᠭᠡᠭᠡᠨ ᠤ ᠬᠠᠯᠠᠮᠰᠢᠯ ᠢ ᠦᠷᠭᠦᠯᠵᠢᠯᠡᠨ ᠳᠡᠭᠡᠭᠰᠢᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠢᠮᠠᠭᠲᠠ ᠠᠵᠤ | ᠠᠬᠤᠢ ᠨᠡᠶᠢᠭᠡᠮ ᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠮᠵᠢᠯᠲᠠ ᠣᠯᠵᠠᠢ᠃ | ᠨᠢᠭᠡ ᠵᠢᠯ ᠤᠨ ᠲᠤᠷᠰᠢ᠂ ᠪᠢᠳᠡ ᠰᠤᠷᠲᠠᠯ ᠢᠶᠠᠨ ᠰᠢᠨᠲᠠᠷᠠᠰᠢ ᠥᠬᠡᠶ ᠳᠠᠪᠲᠠᠨ ᠪᠣᠯᠪᠠᠰᠤᠷᠠᠭᠤᠯᠵᠤ᠂ ᠲᠣᠰ | ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ | ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ | ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠰᠢᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ | ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠵᠤ᠂ | ᠦᠨᠳᠦᠰᠦᠨ ᠱᠠᠲᠤᠨ ᠤ 1237 ᠠᠰᠠᠭᠤᠳᠠᠯ ᠢ ᠤᠨᠢᠨ ᠳᠡᠭᠡᠷ᠎ᠡ ᠨᠢ ᠪᠠᠶᠢᠴᠠᠭᠠᠨ ᠳᠡᠯᠭᠡᠵᠦ᠂ 1247 ᠵᠤᠷᠪᠤᠰ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ 1156 ᠠᠰᠠᠭᠤᠳᠠᠯ ᠢ ᠰᠢᠢᠳᠪᠦᠷᠢᠯᠡᠵᠦ᠂ | ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠠᠴᠢᠮᠳᠠᠬᠤ ᠬᠦᠴᠢᠷᠳᠡᠬᠦ ᠵᠤᠪᠠᠭ᠋ᠤ ᠬᠦᠰᠡᠬᠦ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ | ᠨᠡᠩ ᠪᠠᠲᠤᠵᠢᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠨᠡᠩ ᠴᠢᠩᠭᠠᠷᠠᠵᠤ᠂ ᠬᠥᠭᠵᠢᠯᠲᠡ ᠶᠢᠨ ᠰᠡᠳᠬᠢᠴᠡ ᠨᠡᠩ | ᠲᠣᠳᠣᠷᠬᠠᠢ᠂ ᠠᠵᠢᠯ ᠬᠢᠬᠦ ᠬᠥᠳᠡᠯᠭᠡᠬᠦ ᠬᠦᠴᠦᠨ ᠨᠡᠩ ᠡᠷᠴᠢᠮᠲᠡᠢ ᠪᠣᠯᠵᠠᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠪᠠ᠃ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 309 ᠬᠤᠪᠢ ᠰᠠᠨᠠᠭᠤᠯᠭ᠎ᠠ᠂ ᠰᠠᠨᠠᠯ | ᠵᠥᠪᠯᠡᠯᠭᠡ ᠶᠢ ᠴᠢᠨᠠᠷ ᠰᠠᠶᠢᠲᠠᠶ ᠰᠢᠢᠳᠪᠦᠷᠢᠯᠡᠪᠡ᠃ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ 2.6 ᠲᠦᠮᠡᠨ ᠵᠤᠷᠪᠤᠰ ᠬᠢᠵᠦ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠨᠤᠷᠮ᠎ᠠ᠂ | ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠶᠢ 100% | ᠳᠤ ᠬᠦᠷᠭᠡᠪᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠲᠤᠰᠬᠠᠶ | ᠵᠦᠢᠯ ᠤᠨ ᠬᠢᠨᠠᠨ ᠪᠤᠳᠤᠯᠲᠠ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ 26 ᠲᠥᠷᠥᠯ | ᠵᠦᠢᠯ ᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ | ᠢᠯᠠᠩᠭᠤᠶ᠎ᠠ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ | ᠴᠡᠭᠴᠡᠯᠡᠨ ᠵᠠᠰᠠᠵᠤ᠂ ︽ᠬᠡᠪᠲᠡᠭᠡ ᠺᠠᠳ᠋ᠷ︾ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠢᠳᠡᠪᠬᠢᠲᠡᠶ ᠲᠦᠯᠬᠢᠨ | ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠤᠯᠠᠮ ᠨᠢᠭᠡ ᠠᠯᠬᠤᠮ | ᠪᠠᠬᠢᠵᠢᠭᠦᠯᠪᠡ᠃ | ᠲᠥᠯᠥᠭᠡᠯᠡᠭᠴᠢᠳ ᠡ︕ ᠬᠦᠴᠦ ᠪᠠᠨ ᠬᠤᠷᠠᠮᠳᠤᠭᠤᠯᠤᠨ ᠬᠢᠪᠡᠯ ᠬᠠᠨᠳᠤᠭᠰᠠᠨ ᠵᠦᠭ ᠲᠤ ᠢᠯᠠᠭᠳᠠᠰᠢ | ᠦᠭᠡᠢ ᠪᠣᠯᠤᠮᠤᠢ︔ ᠤᠯᠠᠨ ᠤ ᠤᠶᠤᠨ ᠤᠬᠠᠭᠠᠨ ᠤ ᠦᠢᠯᠡ ᠠᠵᠢᠯᠯᠠᠭ᠎ᠠ ᠳᠤ ᠪᠦᠲᠦᠬᠦ ᠦᠭᠡᠢ ᠶᠠᠪᠤᠳᠠᠯ ᠭᠡᠵᠦ | ᠦᠭᠡᠢ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠠᠪᠠᠭ᠎ᠠ ᠶᠢ ᠳᠠᠪᠠᠭ᠋ᠤ ᠳᠤᠮᠳᠠ ᠰᠢᠪᠲᠤᠯᠤᠯᠲᠠ ᠪᠠ ᠰᠢᠨ᠎ᠡ ᠶᠢ ᠡᠭᠦᠳᠬᠦ ᠪᠠᠷ ᠴᠢᠷᠮᠠᠶᠢᠵᠤ᠂ | ᠥᠷᠢᠰᠥᠯᠳᠦᠭᠡᠨ ᠢ ᠠᠷᠭᠠᠴᠠᠭᠠᠬᠤ ᠳᠤᠮᠳᠠ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠬᠢᠯᠪᠡᠷ ᠪᠤᠰᠤ ᠪᠠᠷ | ᠠᠮᠵᠢᠯᠲᠠ ᠪᠦᠲᠦᠮᠵᠢ ᠶᠢ ᠣᠯᠵᠠᠢ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ | ᠦᠷ᠎ᠡ ᠳ᠋ᠦᠩ ᠪᠣᠯᠤᠨ᠎ᠠ᠂ ᠡᠷᠬᠡᠪᠰᠢ ᠭᠤᠣᠯᠯᠠᠭᠴᠢ ᠶᠢ ᠭᠤᠶᠢᠪᠢᠰᠢ ᠦᠭᠡᠢ ᠬᠦᠷᠢᠶᠡᠯᠡᠵᠦ᠂ ᠭᠤᠣᠯᠯᠠᠭᠴᠢ ᠶᠢ | ᠬᠠᠮᠠᠭᠠᠯᠠᠵᠤ᠂ ᠭᠤᠣᠯᠯᠠᠭᠴᠢ ᠳᠤ ᠦᠨᠡᠨᠴᠢ ᠰᠢᠳᠤᠷᠭᠤ ᠪᠠᠶᠢᠬᠤ ᠬᠡᠷᠡᠭᠲᠡᠢ︔ ᠡᠨᠡ ᠪᠣᠯ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ | ᠬᠢᠵᠦ ᠵᠣᠷᠢᠭᠲᠠᠢ ᠪᠠᠷ ᠲᠤᠷᠰᠢᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ︔ ᠡᠨᠡ ᠪᠣᠯ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠲᠠᠯᠪᠢᠯᠲᠠ ᠶᠢᠨ ᠬᠠᠪᠰᠤᠷᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠶᠢᠨ ᠦᠷ᠎ᠡ ᠳ᠋ᠦᠩ | ᠮᠥᠨ᠂ ᠡᠷᠬᠡᠪᠰᠢ ᠬᠠᠤᠯᠢ ᠶᠣᠰᠣᠭᠠᠷ ᠲᠥᠷᠥ ᠪᠠᠷᠢᠬᠤ ᠶᠢ ᠪᠠᠷᠢᠮᠲᠠᠯᠠᠵᠤ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠤᠨ᠂ ᠪᠦᠯᠬᠦᠮᠳᠡᠨ ᠲᠡᠮᠡᠴᠡᠬᠦ ᠬᠡᠷᠡᠭᠲᠡᠶ︔ ᠡᠨᠡ ᠪᠣᠯ ᠪᠦᠬᠦ ᠲᠤᠭᠤᠷᠢᠭ ᠤᠨ ᠠᠷᠠᠳ ᠲᠦᠮᠡᠨ ᠤ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠥᠬᠦᠷᠡᠰᠢ ᠦᠭᠡᠢ ᠴᠢᠷᠮᠠᠶᠢᠭᠰᠠᠨ ᠤ ᠦᠷ᠎ᠡ ᠳ᠋ᠦᠩ ᠮᠥᠨ᠂ ᠡᠷᠬᠡᠪᠰᠢ | ᠬᠤᠪᠢ ᠲᠠᠬᠢᠨ ᠨᠠᠨᠳᠢᠩᠨᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠵᠦ᠂ ᠡᠷᠡᠮᠡᠬᠡᠶᠢᠯᠡᠨ | ᠤᠷᠤᠭᠰᠢᠯᠠᠬᠤ ᠬᠡᠷᠡᠭᠲᠡᠢ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠡᠯ᠎ᠡ ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠪᠦᠳᠦᠭᠡᠨ | ᠪᠠᠶᠢᠭᠤᠯᠤᠭᠴᠢᠳ᠂ ᠬᠤᠪᠢ ᠨᠡᠮᠡᠷᠢ ᠦᠵᠡᠭᠦᠯᠦᠭᠰᠡᠳ ᠲᠤ᠂ ᠢᠦᠢ ᠴᠢᠤᠸᠠᠨ ᠲᠣᠭᠤᠷᠢᠭ ᠤᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ᠂ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠵᠠᠭᠤᠨ ᠣᠩᠭᠤᠴᠠ ᠥᠷᠢᠰᠥᠯᠳᠦᠨ ᠤᠷᠤᠭᠰᠢᠯᠠᠵᠤ᠂ ᠮᠢᠩᠭᠠᠨ ᠳᠠᠷᠪᠠᠭᠤᠯ ᠥᠷᠢᠰᠥᠯᠳᠦᠨ ᠤᠷᠤᠭᠰᠢᠯᠠᠵᠤ᠂ | ᠤᠷᠤᠭᠰᠢᠯᠠᠬᠤ ᠤᠢᠭᠡᠢ ᠪᠣᠯ ᠤᠬᠤᠷᠢᠵᠤ᠂ ᠤᠳᠠᠭᠠᠨ ᠤᠷᠤᠭᠰᠢᠯᠠᠪᠠᠯ ᠪᠠᠰᠠ ᠤᠬᠤᠷᠢᠨ᠎ᠠ᠃ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠰᠠ ᠴᠥᠭᠡᠨ ᠪᠤᠰᠤ ᠬᠦᠴᠢᠷᠳᠡᠯ ᠪᠠ | ᠥᠷᠢᠰᠥᠯᠳᠦᠭᠡᠨ ᠣᠷᠣᠰᠢᠵᠤ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠄ ᠨᠢᠭᠡ ᠳᠤ | ᠠᠵᠤ ᠦᠢᠯᠡᠰ ᠤᠨ ᠰᠠᠭᠤᠷᠢ ᠨᠢᠮᠭᠡᠨ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠥᠨᠳᠥᠷ ᠪᠢᠰᠢ᠂ | ᠠᠵᠤ ᠦᠢᠯᠡᠳᠪᠦᠷᠢ ᠪᠠᠷ ᠲᠤᠭᠤᠷᠢᠭ ᠪᠠᠶᠢᠭᠤᠯᠬᠤ ᠲᠥᠷᠥᠯ ᠵᠦᠢᠯ ᠣᠯᠠᠨ ᠪᠢᠰᠢ᠂ ᠠᠵᠤ ᠦᠢᠯᠡᠰ ᠤᠨ | ᠪᠦᠲᠦᠴᠡ ᠶᠢ ᠳᠣᠭᠢᠷᠠᠭᠤᠯᠬᠤ᠂ ᠬᠡᠯᠪᠡᠷᠢ ᠶᠢ ᠬᠤᠪᠢᠷᠠᠭᠤᠯᠤᠨ ᠵᠡᠷᠭᠡ ᠲᠠᠰ ᠳᠡᠪᠰᠢᠭᠦᠯᠬᠦ ᠡᠭᠦᠷᠭᠡ ᠮᠥᠨ ᠬᠦ ᠬᠠᠲᠠᠭᠤ | ᠪᠡᠷᠬᠡ ᠪᠠᠶᠢᠭᠰᠠᠭᠠᠷ︔ ᠬᠤᠶᠠᠷ ᠲᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠮᠵᠢ | ᠪᠠᠰᠠ ᠢᠯᠡᠷᠬᠡᠢ ᠪᠢᠰᠢ᠂ ᠬᠤᠳᠠ ᠬᠥᠳᠡᠭᠡ ᠶᠢᠨ ᠳᠦᠷᠰᠦ ᠪᠠᠶᠢᠳᠠᠯ᠂ ᠵᠠᠮ ᠬᠠᠷᠢᠯᠴᠠᠭ᠎ᠠ᠂ ᠨᠣᠭᠤᠭᠠᠷᠠᠭᠤᠯᠤᠯᠲᠠ | ᠭᠤᠶᠤᠵᠢᠭᠤᠯᠤᠯᠳᠠ ᠵᠡᠷᠭᠡ ᠲᠠᠯ᠎ᠠ ᠪᠠᠷ ᠪᠠᠰᠠ ᠮᠠᠰᠢ ᠤᠯᠠᠨ ᠳᠤᠲᠠᠭᠤᠳᠠᠯ ᠪᠠᠭᠤᠷᠠᠢ ᠵᠦᠢᠯ ᠣᠷᠣᠰᠢᠵᠤ᠂ ᠪᠠᠰᠠ | ᠨᠠᠷᠢᠯᠢᠭ ᠰᠡᠶᠢᠯᠵᠦ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠭᠤᠷᠪᠠ ᠳᠤ | ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠳᠤ ᠮᠥᠨ ᠬᠦ ᠪᠠᠭᠤᠷᠠᠶ ᠭᠤᠭᠴᠤᠭ᠎ᠠ | ᠣᠷᠣᠰᠢᠵᠤ᠂ ᠴᠢᠨᠠᠷ ᠰᠠᠶᠢᠲᠠᠶ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ᠡᠬᠢ ᠪᠠᠶᠠᠯᠢᠭ ᠤᠨ ᠬᠠᠩᠭᠠᠯᠭ᠎ᠠ | ᠪᠠᠰᠠ ᠬᠦᠷᠦᠯᠴᠡᠬᠦ ᠦᠭᠡᠢ ᠪᠠᠶᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ︔ | ᠲᠦᠷᠪᠡ ᠳᠤ ᠺᠠᠳ᠋ᠷ ᠤᠨ ᠡᠩᠨᠡᠭᠡᠨ ᠤ ᠴᠢᠳᠠᠪᠤᠷᠢ ᠶᠢᠨ ᠭᠡᠯᠮᠡᠭᠳᠡᠯ᠂ ᠣᠪᠣᠷ ᠰᠤᠷᠲᠠᠯ ᠦᠨᠡᠨ ᠪᠣᠳᠠᠲᠠᠶ ᠪᠢᠰᠢ ᠪᠠᠶᠢᠬᠤ | ᠵᠡᠷᠭᠡ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠮᠥᠨ ᠯᠡ ᠤᠯᠠᠮ ᠨᠢᠭᠡ ᠠᠯᠬᠤᠮ ᠴᠢᠩᠭᠠᠳᠬᠠᠬᠤ | ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠨᠡᠩ | ᠪᠣᠳᠠᠲᠠᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ | ᠲᠣᠬᠢᠶᠠᠯ᠂ ᠲᠡᠦᠬᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ︽ᠣᠷᠣᠨ ᠤ ᠲᠥᠪ ᠬᠤᠲᠠ ᠶᠢ | ᠬᠦᠴᠦᠷᠬᠡᠭᠵᠢᠭᠦᠯᠬᠦ︾ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠦ᠂ ︽ | ᠰᠣᠶᠣᠯ ᠢ ᠳᠡᠭᠡᠳᠦᠯᠡᠬᠦ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ ᠡᠵᠡᠩᠨᠡᠬᠦ᠂ ᠪᠠᠶᠢᠭᠠᠯᠢ ᠶᠢ | ᠡᠷᠬᠢᠮᠯᠡᠬᠦ︾ ᠳᠥᠷᠪᠡᠨ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠲᠡᠭᠡᠯ ᠵᠣᠷᠢᠭ ᠢᠶᠠᠨ ᠪᠠᠲᠤᠳᠬᠠᠨ᠂ | ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠴᠢᠩᠭ᠎ᠠ ᠠᠳᠬᠤᠨ | ᠲᠦᠷᠭᠡᠨ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠨᠡᠭᠡᠭᠡᠨ ᠡᠭᠦᠳᠴᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠯᠠᠯ ᠢ ᠲᠣᠮᠣ ᠠᠯᠬᠤᠮ ᠢᠶᠠᠷ ᠶᠠᠪᠤᠭᠳᠠᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ | 8% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ | 18% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ | ᠲᠤᠭ᠎ᠠ ᠶᠢ 15% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 6% ᠠᠴᠠ ᠳᠡᠭᠡᠭᠰᠢ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 6.5% ᠠᠴᠠ ᠳᠡᠭᠡᠭᠰᠢ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ | ᠠᠵᠢᠯ ᠢ ᠬᠦᠴᠦᠯᠡᠨ ᠰᠠᠶᠢᠲᠤᠷ ᠠᠳᠬᠤᠨ᠎ᠠ᠄ | ︵ᠨᠢᠭᠡ︶ ᠠᠵᠤ ᠦᠢᠯᠡᠰ ᠤᠨ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠪᠠᠲᠤᠳᠬᠠᠭᠰᠠᠨ ᠰᠠᠭᠤᠷᠢᠨ ᠳᠡᠭᠡᠷ᠎ᠡ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ | ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ︽ᠮᠢᠩᠭ᠎ᠠ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠠᠶᠢᠲᠤᠷ ᠰᠤᠷᠴᠤ ᠠᠮᠢᠳᠤᠯᠢᠭ ᠬᠡᠷᠡᠭᠯᠡᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠶᠢ ᠲᠠᠶᠢᠴᠢᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ 8.4 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ | ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ 34 ᠲᠣᠰᠬᠤᠨ ᠤ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ 2.7 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠲᠦᠭᠡᠨ ᠪᠠᠶᠢᠭᠤᠯᠵᠤ᠂ ᠡᠭᠦᠯᠳᠡᠷ ᠰᠠᠶᠢᠲᠠᠶ᠂ ᠲᠠᠷᠢᠮᠠᠯ ᠥᠨᠳᠥᠷ ᠪᠦᠲᠦᠮᠵᠢᠲᠡᠶ᠂ ᠬᠠᠮᠢᠶᠠᠷᠤᠯᠲᠠ ᠨᠢ ᠤᠶᠤᠯᠢᠭ | ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠱᠠᠩᠬᠠᠶ ᠶᠢᠨ ᠮᠧᠶ ᠹᠠᠨ | ᠯᠧ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠵᠠᠬᠢᠶᠠᠯᠠᠭ᠎ᠠ ᠶᠢᠨ ᠲᠥᠪᠡᠳ ᠬᠠᠰᠢ ᠲᠠᠷᠢᠬᠤ ᠬᠡᠪᠴᠢᠶ᠎ᠡ ᠶᠢ | ᠥᠷᠭᠡᠳᠬᠡᠵᠦ᠂ 9500 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠰᠠᠨ ᠰᠦᠩ ᠡᠯᠪᠡᠭ | ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠠᠷᠢᠮᠠᠯ ᠲᠡᠭᠦᠵᠦ ᠪᠣᠷᠣᠯᠠᠭᠤᠯᠬᠤ᠂ ᠵᠤᠭᠠᠴᠠᠨ ᠬᠤᠳᠠᠯᠳᠤᠨ ᠠᠪᠬᠤ᠂ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠤᠭᠴᠠᠵᠢᠭᠤᠯᠤᠭᠰᠠᠨ ᠬᠤᠳᠠ ᠶᠢᠨ | ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠬᠡᠪᠴᠢᠶᠡᠵᠢᠯᠲᠡ᠂ ᠠᠵᠤ ᠦᠢᠯᠡᠰᠵᠢᠯᠲᠡ ᠶᠢᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠵᠤᠤ ᠵᠢᠶᠦ᠋ᠨ ᠮᠦᠽᠧᠢ ᠶᠢᠨ ᠬᠦᠷᠢᠶᠡᠯᠡᠩ᠂ ᠶᠡᠭᠡ ᠲᠦᠷᠭᠡᠨ ᠭᠤᠣᠯ᠂ | ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠵᠤᠤ ᠵᠢᠶᠦ᠋ᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ᠂ ᠶᠡᠭᠡ ᠬᠦᠷᠢᠶᠡᠨ ᠤ | ᠬᠥᠳᠡᠭᠡ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠯᠢᠭᠡᠷ ᠳᠠᠭᠤᠷᠢᠶᠠᠯ ᠲᠣᠰᠬᠤᠨ᠂ ᠶᠡᠭᠡ ᠲᠦᠷᠭᠡᠨ ᠭᠤᠣᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠶᠢ ᠡᠭᠦᠳᠬᠦ ᠭᠠᠷᠠᠮ ᠪᠣᠯᠤᠨ ᠳ᠋ᠠ ᠲᠢᠶᠠᠨ ᠤᠷᠠᠯᠢᠭ ᠤᠨ ᠦᠵᠡᠮᠵᠢ ᠶᠢᠨ ᠪᠦᠰᠡ ᠵᠡᠷᠭᠡ | ᠰᠣᠳᠣᠨ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠶᠡᠭᠡ ᠲᠦᠷᠭᠡᠨ ᠭᠤᠣᠯ ᠳᠠᠭᠠᠤ ᠶᠢᠨ | ᠲᠣᠰᠬᠤᠨ ᠤ ᠰᠢᠨ᠎ᠡ ᠴᠠᠭ ᠦᠶ᠎ᠡ ᠶᠢᠨ ︽ᠮᠢᠩᠭ᠎ᠠ ᠲᠦᠮᠡᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠬᠥᠳᠡᠭᠡ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠤᠳᠤ ᠦᠶ᠎ᠡ ᠶᠢᠨ ᠠᠵᠤ ᠦᠢᠯᠡᠳᠪᠦᠷᠢ ᠶᠢ ᠬᠦᠴᠦᠯᠡᠨ ᠬᠥᠭᠵᠢᠭᠦᠯᠦᠨ᠎ᠡ᠃ ᠥᠪᠥᠷ ᠮᠣᠩᠭᠤᠯ ᠤᠨ 100 | ᠲᠡᠭᠰᠢ ᠳᠥᠷᠪᠡᠯᠵᠢᠨ ᠺᠢᠯᠣᠮᠧᠲᠷ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ | ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠢᠦᠶ ᠯᠦᠩ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠᠶᠢᠭᠤᠯᠬᠤ ᠪᠠᠷ ᠴᠢᠷᠮᠠᠶᠢᠵᠤ᠂ ᠦᠷ᠎ᠡ ᠠᠰᠢᠭ ᠢᠶᠠᠷ ᠳᠣᠤᠷ᠎ᠠ ᠠᠵᠤ | ᠠᠬᠤᠶᠢᠯᠠᠯ ᠢ ᠠᠮᠢᠯᠠᠭᠤᠯᠤᠨ ᠰᠤᠯᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠂ | ᠡᠬᠢ ᠪᠠᠶᠠᠯᠢᠭ ᠤᠨ ᠬᠦᠴᠦᠨ ᠵᠦᠢᠯ ᠢ ᠬᠥᠲᠥᠯᠦᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠠᠵᠤ | ᠦᠢᠯᠡᠰᠲ᠋ᠠᠶᠢᠰᠢ ᠲᠦᠪᠯᠡᠷᠡᠭᠦᠯᠦᠨ᠎ᠡ᠃ ᠪᠧᠷᠲᠯᠢ ᠶᠢᠨ ᠬᠤᠶᠠᠳᠤᠭᠠᠷ ᠬᠤᠭᠤᠴᠠᠭ᠎ᠠ᠂ ᠬᠤᠸᠠ ᠢ ᠳ᠋ᠠ ᠶᠢᠨ | ᠬᠤᠶᠠᠳᠤᠭᠠᠷ ᠬᠤᠭᠤᠴᠠᠭ᠎ᠠ᠂ ᠯᠢᠶᠠᠨ ᠳ᠋ᠦᠩ U ᠬᠥᠨᠳᠡᠶ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ ᠴᠠᠭᠠᠨ ᠭᠤᠶᠣᠣ ᠠᠵᠤ | ᠦᠢᠯᠡᠰ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠳᠡᠭᠡᠳᠦ ᠲᠠᠰ ᠤᠨ | ᠣᠶᠤᠨᠴᠢ ᠦᠢᠯᠡᠳᠬᠦ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ ᠬᠥᠲᠥᠴᠢ ᠠᠵᠤ ᠠᠬᠤᠶᠢᠯᠠᠯ ᠤᠨ | ᠵᠢᠱᠢᠶ᠎ᠡ ᠦᠵᠡᠭᠦᠯᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ 4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠭᠰᠠᠨ ᠲᠠᠯ᠎ᠠ ᠨᠤᠲᠤᠭ ᠤᠨ ᠤᠯᠠᠭᠠᠨ ᠨᠡᠷᠡᠨ ᠠᠵᠤ ᠦᠢᠯᠡᠰ ᠤᠨ ᠬᠦᠷᠢᠶᠡᠯᠡᠩ᠂ 2 ᠳ᠋ᠦᠩᠰᠢᠭᠤᠷ | ᠲᠥᠭᠦᠷᠢᠭ ᠤᠨ ᠴᠢᠶᠠᠨ ᠰᠢ ᠾᠧ ᠢᠳᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠤᠨ 7 ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠪᠣᠬᠢᠷᠲᠤᠯ ᠥᠬᠡᠶ | ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠪᠦᠯᠦᠭ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ ᠲᠡᠮᠳᠡᠭᠲᠦ ᠶᠢ | ᠦᠷᠭᠦᠯᠵᠢᠯᠡᠨ ᠲᠡᠳᠡᠨ ᠣᠷᠣᠭᠤᠯᠵᠤ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠢᠳᠡᠭᠡᠨ ᠤ ᠠᠵᠤ | ᠦᠢᠯᠡᠰ ᠤᠨ ᠪᠦᠯᠦᠭᠯᠡᠯ ᠢ ᠪᠣᠶ ᠪᠣᠯᠭᠠᠨ᠎ᠠ᠃ 2.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠴᠢ | ᠯᠦ ᠶᠢᠨ ᠡᠮ ᠦᠢᠯᠡᠳᠬᠦ ᠦᠢᠯᠡᠳᠪᠦᠷᠢᠯᠡᠯ ᠤᠨ ᠱᠤᠭᠤᠮ ᠢ ᠥᠷᠭᠡᠳᠬᠡᠨ ᠪᠠᠶᠢᠭᠤᠯᠬᠤ᠂ 4000 ᠲᠦᠮᠡᠨ | ᠲᠥᠭᠦᠷᠢᠭ ᠤᠨ ᠹᠦ᠋ ᠹᠧᠩ ᠤᠨ ᠬᠤᠸᠠᠩ ᠶᠤᠸᠠᠨ ᠵᠢᠶᠤᠤ ᠵᠥᠷᠢᠶᠡᠲᠦ ᠳᠠᠷᠤᠯᠲᠠᠲᠤ ᠨᠡᠷᠡᠯᠲᠡ ᠶᠢᠨ ᠪᠠᠭ᠎ᠠ | ᠨᠡᠭᠦᠷᠡᠰᠦᠳᠦ᠋ᠷᠦᠭᠴᠢᠲᠦ ᠥᠭᠡᠷᠡᠴᠢᠯᠡᠯᠲᠡ ᠶᠢ ᠪᠡᠶᠡᠯᠡᠭᠦᠯᠵᠦ᠂ ᠹᠦ᠋ ᠹᠧᠩ ᠤᠨ ᠥᠪᠡᠷᠲᠡᠭᠡᠨ ᠵᠠᠰᠠᠬᠤ ᠣᠷᠣᠨ ᠤ | ᠲᠠᠰ ᠤᠨ ᠮᠢᠺᠷᠣᠪ ᠤᠨ ᠰᠣᠯᠢᠯᠴᠠᠭ᠎ᠠ ᠬᠢᠭᠡᠳ ᠪᠣᠬᠢᠷᠲᠤᠯ ᠥᠬᠡᠶ ᠢᠰᠬᠡᠯᠲᠡ ᠶᠢᠨ ᠢᠨᠵᠧᠨᠧᠷᠢᠩ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠨ᠎ᠡ᠃ ᠤᠫᠰᠠᠢ ᠶᠢᠨ ᠠᠮᠢᠲᠠᠨ ᠤ ᠴᠢᠰᠤᠨ | ᠴᠠᠶᠢᠪᠠᠩ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠶᠢᠨ ᠶᠤᠸᠠᠨ ᠺᠠᠩ ᠵᠡᠷᠭᠡ ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠤᠶᠠᠷ ᠵᠠᠭᠤᠨ | ᠳ᠋ᠦᠩᠰᠢᠭᠤᠷ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠨ ᠢᠶᠠᠨ ᠲᠥᠪᠯᠡᠷᠡᠭᠦᠯᠦᠨ ᠬᠦᠭᠵᠢᠭᠦᠯᠦᠨ᠎ᠡ᠃ | ᠺᠠᠶᠢᠳᠧ · ᠨᠡᠬᠡᠮᠡᠯ᠂ ᠵᠢᠤᠢ ᠷᠠᠨ ᡁᠢ ᠵᠢᠶᠠ᠂ ᠸᠠᠨ ᠶᠢᠨ ᠷᠦᠩ ᠴᠧᠩ ᠵᠡᠷᠭᠡ ᠶᠡᠷᠦᠩᠬᠡᠶᠢᠯᠡᠭᠰᠡᠨ ᠴᠣᠭᠴᠠ ᠶᠢᠨ | ᠴᠢᠨᠠᠷ ᠰᠠᠶᠢᠲᠠᠢ᠂ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠾᠧ ᠮᠠ ᠰᠢᠶᠠᠨ ᠱᠧᠩ᠂ Ole︾ | ᠵᠡᠷᠭᠡ ᠲᠦᠷᠦᠯ ᠲᠡᠮᠳᠡᠭ ᠤᠨ ᠲᠦᠷᠦᠭᠦᠦ ᠳᠡᠯᠭᠡᠭᠦᠷ᠂ ᠬᠤᠰᠢᠭᠤᠴᠢ ᠳᠡᠯᠭᠡᠭᠦᠷ ᠢ ᠣᠷᠣᠭᠤᠯᠤᠨ ᠠᠪᠴᠢᠷᠠᠵᠤ᠂ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠵᠡᠷᠭᠡ ᠲᠡᠰ ᠳᠡᠪᠰᠢᠭᠦᠯᠬᠦ ᠶᠢ ᠠᠬᠢᠭᠤᠯᠤᠨ᠎ᠠ᠃ ᠰᠢᠷᠲ᠋ᠧᠨ | ᠴᠡᠴᠡᠷᠯᠢᠭ ᠤᠨ ᠪᠠᠭᠤᠳᠠᠯ ᠤᠨ ᠡᠵᠡᠩᠨᠡᠯᠲᠡ ᠪᠠᠨ ᠡᠬᠢᠯᠡᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠠᠩᠬᠠᠳᠠᠭᠴᠢ | ᠬᠤᠸᠠ ᠷᠦᠨ ᠸᠢᠶᠧᠨ᠋ᠲ᠋ᠢᠶᠠᠩ ᠬᠤᠲᠠ ᠶᠢᠨ ᠪᠠᠷᠢᠯᠭ᠎ᠠ ᠳᠠᠭᠤᠰᠴᠤ ᠬᠥᠰᠢᠭᠡ ᠪᠠᠨ ᠨᠡᠭᠡᠭᠡᠬᠦ ᠶᠢ ᠪᠠᠲᠤᠯᠠᠵᠤ᠂ | ᠣᠷᠣᠨ ᠤ ᠲᠥᠪ ᠬᠤᠲᠠ ᠶᠢᠨ ᠳᠡᠭᠡᠳᠦ ᠲᠠᠰ ᠤᠨ ᠬᠡᠷᠡᠭᠯᠡᠭᠡᠨ ᠤ ᠰᠢᠨ᠎ᠡ ᠬᠤᠳᠠᠯᠳᠤᠭᠠᠨ ᠤ ᠲᠣᠭᠤᠷᠢᠭ ᠢ | ᠪᠠᠶᠢᠭᠤᠯᠤᠨ᠎ᠠ᠃ ᠠ ᠯᠢ ᠡᠭᠦᠯᠡᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ᠂ ᠪᠠᠢ ᠳ᠋ᠦ᠋ ᠵᠦᠩ ᠠᠨ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠦᠩ | ᠭᠤᠸᠠᠨ ᠼᠦᠨ ᠤ ᠤᠳᠤ ᠦᠶ᠎ᠡ ᠶᠢᠨ ᠮᠡᠳᠡᠭᠡ ᠵᠠᠩᠭᠢ ᠶᠢᠨ ᠬᠡᠷᠡᠭᠯᠡᠭᠡ᠂ ᠲᠧᠩ ᠰᠢᠶᠦ᠋ᠨ ᠡᠭᠦᠯᠡᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠭᠤᠣᠯ | ᠴᠣᠭᠴᠠ ᠶᠢ ᠬᠥᠮᠦᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢ | ᠭᠦᠨᠵᠡᠭᠡᠢ ᠠᠭᠤᠰᠤᠯᠴᠠᠭᠤᠯᠤᠨ ᠬᠥᠭᠵᠢᠭᠦᠯᠵᠦ᠂ ᠪᠢᠨ ᠾᠧ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠪᠦᠰᠡ ᠶᠢ ᠪᠠᠶᠢᠷᠢᠯᠠᠭᠤᠯᠤᠨ᠎ᠠ᠃ ᠮᠧᠶ ᠲᠦᠩ᠂ ᠺᠠᠶ ᠲᠠᠢ ᠶᠢᠨ ᠰᠢᠭᠤᠳ ᠡᠵᠡᠩᠨᠡᠵᠦ ᠳᠣᠭᠢᠷᠠᠭᠤᠯᠤᠨ | ᠬᠦᠷᠭᠡᠬᠦ᠂ ᠰᠢᠭᠤᠳ ᠨᠡᠪᠲᠡᠷᠡᠭᠦᠯᠵᠦ ᠪᠠᠷᠠᠭ᠎ᠠ ᠠᠪᠴᠤ ᠶᠠᠪᠤᠬᠤ ᠶᠢ ᠬᠥᠭᠵᠢᠭᠦᠯᠬᠦ ᠶᠢ ᠳᠡᠮᠵᠢᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠥᠬᠦ ᠠᠷᠭ᠎ᠠ ᠵᠠᠮ ᠢᠶᠠᠷ ᠪᠣᠷᠣᠯᠠᠭᠤᠯᠬᠤ ᠰᠢᠰᠲ᠋ᠧᠮᠵᠢ ᠶᠢ | ᠪᠠᠶᠢᠭᠤᠯᠤᠨ᠎ᠠ᠃ 4.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠮᠧᠩ ᠺᠦᠨ ᠨᠠᠪᠴᠢᠨ ᠲᠠᠮᠠᠬᠢ ᠶᠢᠨ | ᠨᠥᠭᠡᠴᠡᠯᠡᠬᠦ ᠬᠥᠮᠥᠷᠭᠡ ᠶᠢ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ ᠠᠬᠢᠭᠤᠯᠵᠤ᠂ ᠮᠢᠩ ᠫᠢᠨ ᠹᠦ᠋ ᠲᠥᠷᠥᠯ | ᠵᠦᠢᠯ ᠤᠨ ᠭᠤᠤᠯ ᠴᠣᠭᠴᠠ ᠶᠢᠨ ᠠᠵᠢᠯ ᠳᠠᠭᠤᠰᠬᠠᠬᠤ ᠶᠢ ᠦᠨᠡᠨᠬᠦ ᠪᠠᠲᠤᠯᠠᠵᠤ᠂ ᠬᠡᠪᠴᠢᠶ᠎ᠡ ᠪᠠᠷ ᠶᠡᠭᠡ᠂ | ᠰᠠᠴᠤᠷᠠᠭ ᠢᠶᠠᠷ ᠥᠷᠭᠡᠨ᠂ ᠦᠢᠯᠡᠴᠢᠯᠡᠭᠡ ᠪᠠᠷ ᠰᠢᠯᠢᠳᠡᠭ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠣᠶ ᠪᠣᠯᠭᠠᠵᠤ᠂ | ᠣᠲᠣ ᠦᠶ᠎ᠡ ᠶᠢᠨ ᠶᠡᠷᠦᠩᠬᠡᠶᠢᠯᠡᠭᠰᠡᠨ ᠴᠢᠨᠠᠷᠲᠠᠶ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪ ᠢ | ᠪᠥᠲᠥᠭᠡᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠪᠥᠬᠦ ᠬᠦᠴᠦᠨ ᠢᠶᠠᠷ ᠢᠶᠠᠨ ᠬᠦᠭᠵᠢᠭᠦᠯᠦᠨ᠎ᠡ᠃ ᠭᠦᠨ ᠵᠤᠵᠠᠭᠠᠨ | ᠲᠡᠤᠬᠡ ᠰᠣᠶᠣᠯ ᠤᠨ ᠠᠭᠤᠯᠬᠤᠨ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ︽ | ᠤᠮᠠᠷᠠᠲᠤ ᠬᠢᠯᠢ ᠶᠢᠨ ᠰᠣᠶᠣᠯ ᠰᠤᠶᠤᠯ ᠢ ᠳᠡᠭᠡᠳᠦᠯᠡᠬᠦ ᠢᠦᠶ ᠴᠢᠤᠸᠠᠨ︾ ᠨᠠᠷᠠᠲᠤ ᠲᠦᠷᠦᠯ ᠲᠡᠮᠳᠡᠭᠲᠦ ᠶᠢ ᠪᠣᠶ | ᠪᠣᠯᠭᠠᠵᠤ᠂ ᠰᠣᠶᠣᠯ ᠵᠢᠭᠤᠯᠴᠢᠯᠠᠯ ᠤᠨ ᠠᠭᠤᠰᠤᠯᠳᠤᠨ ᠴᠢᠨᠠᠷ ᠰᠠᠶᠢᠲᠠᠶ ᠬᠥᠭᠵᠢᠬᠦ ᠶᠢ ᠠᠬᠢᠭᠤᠯᠤᠨ᠎ᠠ᠃ ᠶᠡᠭᠡ | ᠵᠣᠣ ᠶᠢᠨ ᠡᠮᠦᠨ᠎ᠡ ᠵᠡᠭᠡᠯᠢ ᠶᠢᠨ ᠰᠣᠳᠣᠨ ᠶᠠᠪᠠᠭᠠᠨ ᠵᠡᠭᠡᠯᠢ ᠶᠢ ᠥᠭᠡᠷᠡᠴᠢᠯᠡᠨ ᠵᠡᠷᠭᠡ ᠲᠠᠰ ᠳᠡᠪᠰᠢᠭᠦᠯᠵᠦ᠂ ︽ | ᠳᠥᠷᠪᠡᠨ ᠵᠡᠭᠡᠯᠢ ᠨᠠᠢᠮᠠᠨ ᠭᠤᠳᠤᠮᠵᠢ ᠬᠤᠷᠢᠨ ᠳᠥᠷᠪᠡᠨ ᠬᠦᠷᠢᠶ᠎ᠡ︾ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠰᠢᠯᠢᠳᠡᠭᠵᠢᠭᠦᠯᠦᠨ᠂ ᠲᠣᠭᠠᠴᠢᠯᠠᠭᠰᠠᠨ ᠣᠶᠤᠨᠴᠢ ᠵᠢᠭᠤᠯᠴᠢᠯᠠᠯ ᠤᠨ ᠲᠠᠪᠴᠠᠩ ᠢ ᠪᠠᠶᠢᠭᠤᠯᠵᠤ᠂ ᠪᠤᠭᠤᠮᠲᠠ ᠶᠢᠨ | ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠠᠰᠢᠭᠯᠠᠬᠤ ᠶᠢ ᠠᠬᠢᠭᠤᠯᠵᠤ᠂ ᠬᠤᠶ | ᠹᠧᠩ ᠰᠢᠤᠸᠠᠨ ᠤ ᠢᠳᠡᠭᠡᠨ ᠤᠮᠳᠠᠭᠠᠨ ᠤ ᠰᠣᠶᠣᠯ ᠤᠨ ᠮᠦᠽᠧᠶ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠵᠡᠷᠭᠡ | ᠲᠠᠰ ᠳᠡᠪᠰᠢᠭᠦᠯᠬᠦ ᠶᠢ ᠠᠬᠢᠭᠤᠯᠵᠤ᠂ ᠬᠦᠶ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ᠂ ᠰᠦᠢᠶᠤᠸᠠᠨ | ᠮᠣᠩᠭᠤᠯ ᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ᠂ ᠶᠦᠩ ᠱᠧᠩ | ᠵᠣᠭᠤᠰ ᠤᠨ ᠮᠦᠽᠧᠶ ᠵᠡᠷᠭᠡ ᠮᠦᠽᠧᠶ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ | ᠨᠠᠷᠠᠲᠤ ᠬᠠᠳᠠᠭᠠᠯᠠᠮᠵᠢ ᠶᠢᠨ ᠣᠷᠳᠣᠨ ᠢ ᠳ᠋ᠠ ᠱᠧᠩ ᠺᠦᠶ ᠮᠦᠽᠧᠶ ᠶᠢᠨ ᠪᠦᠯᠦᠭᠯᠡᠯ ᠳᠤ ᠢᠳᠡᠪᠬᠢᠲᠡᠶ ᠪᠠᠷ | ᠣᠷᠣᠭᠤᠯᠤᠨ ᠠᠪᠴᠢᠷᠠᠵᠤ᠂ ᠣᠷᠣᠨ ᠤ ᠲᠥᠪ ᠬᠤᠲᠠ ᠶᠢᠨ ᠮᠦᠽᠧᠶ ᠶᠢᠨ ᠬᠤᠲᠠ ᠪᠠᠶᠢᠭᠤᠯᠬᠤ ᠳᠤ ᠬᠦᠴᠦᠨ | ᠨᠡᠮᠡᠷᠢᠯᠡᠨ᠎ᠡ᠃ ᠤᠬᠢᠶᠠᠯᠭ᠎ᠠ ᠶᠢᠨ ᠡᠳ᠋ ᠤᠨ ᠦᠢᠯᠡᠳᠪᠦᠷᠢ ᠶᠢᠨ ᠬᠤᠳᠠ ᠶᠢ ᠰᠢᠨᠡᠳᠬᠡᠨ ᠥᠭᠡᠷᠡᠴᠢᠯᠡᠬᠦ ᠠᠵᠢᠯ ᠢ | ᠡᠬᠢᠯᠡᠭᠦᠯᠵᠦ᠂ ᠣᠨᠢᠰᠤ ᠦᠢᠯᠡᠳᠬᠦ ᠦᠢᠯᠡᠳᠪᠦᠷᠢ ᠶᠢᠨ ᠮᠠᠶ ᠯᠢ ᠪᠡᠶ᠎ᠡ ᠶᠢᠨ ᠲᠠᠮᠢᠷ ᠤᠨ ᠠᠯᠳᠠᠷᠰᠢᠯ ᠢ | ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠪᠠᠭᠤᠷᠢ ᠶᠢᠨ ᠰᠣᠶᠣᠯ ᠳᠤ ᠲᠦᠰᠢᠭᠯᠡᠨ᠂ ᠰᠣᠶᠣᠯ ᠤᠨ ᠪᠦᠲᠦᠭᠡᠯᠴᠢ | ᠰᠡᠳᠬᠢᠮᠵᠢ᠂ ᠴᠠᠭ ᠤᠨ ᠥᠩᠭᠡᠲᠦ ᠤᠷᠠᠯᠢᠭ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ︽ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭᠠᠴᠢᠨ︾ ᠤ ᠵᠡᠭᠡᠯᠢ ᠲᠣᠭᠤᠷᠢᠭ ᠢ ᠪᠠᠶᠢᠭᠤᠯᠤᠨ᠎ᠠ᠃ ᠨᠤᠭᠤ | ᠭᠠᠵᠠᠷ᠂ ᠭᠤᠤᠯ ᠮᠥᠷᠡᠨ᠂ ᠲᠠᠯ᠎ᠠ ᠨᠤᠲᠤᠭ ᠵᠡᠷᠭᠡ ᠠᠮᠢ ᠠᠬᠤᠶ ᠶᠢᠨ ᠡᠬᠢ ᠪᠠᠶᠠᠯᠢᠭ ᠲᠤ ᠲᠦᠰᠢᠭᠯᠡᠨ᠂ | ᠲᠤᠭᠤᠷ ᠤᠨ ᠴᠡᠴᠡᠭ ᠤᠨ ᠣᠶ᠂ ᠴᠢᠶᠠᠨ ᠳ᠋ᠤᠤ ᠬᠤ᠋ ᠨᠠᠭᠤᠷ᠂ ᠲᠡᠭᠦᠬᠦ ᠬᠦᠷᠢᠶᠡᠯᠡᠩ᠂ ᠠᠮᠲᠠᠲᠤ ᠢᠳᠡᠭᠡᠨ ᠤ | ᠦᠢᠯᠡᠳᠭᠡᠯ ᠵᠡᠷᠭᠡ ᠪᠠᠷ ᠭᠤᠤᠯᠳᠠᠯᠭ᠎ᠠ ᠪᠣᠯᠭᠠᠭᠰᠠᠨ ᠵᠣᠣ ᠵᠢᠶᠦ᠋ᠨ ᠤᠰᠤᠨ ᠨᠤᠲᠤᠭ ᠤᠨ ᠠᠮᠠᠷᠠᠯᠲᠠ ᠶᠢᠨ ᠣᠷᠣᠨ ᠢ | ᠪᠠᠶᠢᠭᠤᠯᠵᠤ᠂ ᠰᠡᠯᠡᠭᠦᠴᠡᠨ ᠠᠮᠠᠷᠠᠬᠤ᠂ ᠡᠴᠢᠬᠡ ᠡᠬᠡ ᠦᠷ᠎ᠡ ᠬᠡᠤᠬᠡᠳ ᠢᠶᠠᠷ ᠢᠶᠠᠨ ᠴᠡᠩᠭᠡᠯᠳᠦᠨ ᠨᠠᠭᠠᠳᠬᠤ᠂ | ᠲᠠᠷᠢᠶᠠᠯᠠᠭ᠎ᠠ ᠶᠢᠨ ᠥᠩᠭᠡᠷᠡᠭᠡᠯᠲᠡ ᠶᠢ ᠨᠢᠭᠡ ᠴᠤᠭᠴᠠᠵᠢᠭᠤᠯᠤᠭᠰᠠᠨ ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ | ᠪᠣᠶ ᠪᠣᠯᠭᠠᠨ᠎ᠠ᠃ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠰᠦᠮ᠎ᠡ ᠶᠢᠨ ᠴᠤᠭᠯᠠᠭᠠᠨ᠂ | ᠪᠤᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ᠂ ᠱᠤᠤᠮᠠᠢ | ᠰᠢᠨ᠎ᠡ ᠶᠢ ᠡᠭᠦᠳᠬᠦ ᠶᠡᠭᠡ ᠤᠷᠤᠯᠳᠤᠭᠠᠨ᠂ ︽ᠡᠭᠦᠷᠢᠳᠡ ᠶᠢᠨ ᠵᠣᠣ ᠵᠢᠶᠦ᠋ᠨ︾ ᠭᠡᠬᠦ ᠭᠤᠣᠯ ᠰᠡᠳᠦᠪᠲᠦ ᠵᠦᠴᠦᠭᠡ | ᠵᠡᠷᠭᠡ ᠤᠨᠴᠠᠯᠢᠬᠳᠤ ᠰᠣᠶᠣᠯ ᠤᠨ ᠨᠡᠷᠡᠲᠦ ᠲᠦᠷᠦᠯ ᠲᠡᠮᠲᠡᠭᠲᠦ ᠤᠨ ᠠᠯᠳᠠᠷᠰᠢᠯ ᠪᠠ ᠲᠠᠲᠠᠬᠤ ᠬᠦᠴᠦᠨ ᠢ | ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ᠂ ᠪᠠᠶᠠᠷ | ᠳᠤᠷᠠᠰᠬᠠᠯ ᠤᠨ ᠬᠤᠸᠠᠷ ᠫᠤᠤᠵᠢᠩ ᠤᠨ ᠦᠵᠡᠭᠦᠯᠦᠯᠭᠡ᠂ ᠭᠤᠣᠯ ᠰᠡᠳᠦᠪᠲᠦ ᠴᠡᠴᠡᠭᠲᠦ ᠳ᠋ᠧᠩ ᠤᠨ ᠦᠵᠡᠭᠦᠯᠦᠯᠭᠡ | ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ︽ᠲᠦᠷᠪᠡᠨ ᠤᠯᠠᠷᠢᠯ᠂ ᠲᠦᠷᠪᠡᠨ ᠭᠠᠵᠠᠷ︾ ᠤᠨ ᠵᠢᠭᠤᠯᠴᠢᠯᠠᠯ ᠤᠨ | ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠲᠡᠰ ᠤᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠳᠤᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠬᠥᠭᠵᠢᠯᠲᠡ ᠶᠢᠨ ᠣᠷᠴᠢᠨ ᠲᠣᠭᠤᠷᠢᠨ ᠢ ᠭᠤᠶᠢᠪᠢᠰᠢ ᠦᠭᠡᠢ ᠰᠢᠯᠢᠳᠡᠭᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ | ᠤᠴᠢᠷ ᠶᠠᠪᠤᠳᠠᠯ ᠢ ︽ᠶᠡᠷᠦᠩᠬᠡᠶᠢᠯᠡᠭᠰᠡᠨ ᠴᠤᠩᠬᠤᠪᠴᠢ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠶᠠᠪᠤᠳᠠᠯ ᠢ ᠨᠢᠭᠡ | ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠥᠷᠨᠢᠭᠦᠯᠵᠦ᠂ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠠᠮᠠᠯᠠᠯᠲᠠ ᠪᠠ ᠪᠠᠭᠲᠠᠭᠠᠮᠵᠢᠲᠠᠶ | ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠶᠢᠯᠠᠯ ᠪᠠ ᠠᠵᠤ | ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ | ᠬᠥᠭᠵᠢᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 7 ᠲᠦᠮᠡᠨ ᠡᠷᠦᠬᠡ ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ᠬᠤᠳᠠᠯᠳᠤᠭᠠᠴᠢᠨ ᠤᠷᠢᠬᠤ ᠬᠢᠷᠢ ᠴᠢᠳᠠᠮᠵᠢ ᠪᠠ ᠦᠷ᠎ᠡ ᠠᠰᠢᠭ ᠢ ᠨᠡᠮᠡᠭᠳᠡᠭᠦᠯᠦᠨ᠂ ᠰᠣᠶᠣᠯ | ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠪᠣᠬᠢᠷᠲᠤᠯ ᠥᠬᠡᠶ ᠢᠳᠡᠭᠡᠨ᠂ ᠠᠮᠢᠳᠤ | ᠪᠣᠳᠠᠰ ᠤᠨ ᠡᠮ ᠡᠮᠨᠡᠯᠭᠡ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠤᠳᠠᠯᠳᠤᠭᠠᠴᠢᠨ ᠤᠷᠢᠬᠤ ᠶᠢ | ᠬᠡᠷᠡᠭᠵᠢᠭᠦᠯᠵᠦ᠂ ᠲᠠᠲᠠᠬᠤ ᠬᠡᠪᠴᠢᠶ᠎ᠡ ᠪᠠᠷ ᠶᠡᠭᠡ᠂ ᠦᠷ᠎ᠡ ᠠᠰᠢᠭ ᠢᠶᠠᠷ ᠥᠨᠳᠥᠷ᠂ ᠳᠠᠶᠢᠴᠢᠯᠠᠬᠤ ᠬᠦᠴᠦᠨ ᠢᠶᠠᠷ | ᠴᠢᠩᠭ᠎ᠠ ᠲᠤᠯᠭᠠᠭᠤᠷᠢᠯᠠᠬᠤ ᠴᠢᠨᠠᠷᠲᠠᠶ ᠲᠥᠷᠥᠯ ᠵᠦᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ | ᠨᠢᠭᠡᠨᠲᠡ ᠦᠨᠳᠦᠰᠦ ᠬᠠᠳᠬᠤᠭᠰᠠᠨ ᠠᠵᠤ ᠠᠬᠤᠶᠢᠯᠠᠯ ᠢ ᠰᠠᠶᠢᠲᠤᠷ ᠬᠠᠯᠠᠮᠵᠢᠯᠠᠵᠤ᠂ ᠰᠠᠶᠢᠲᠤᠷ ᠪᠤᠶᠢᠵᠢᠭᠤᠯᠵᠤ᠂ | ᠰᠠᠶᠢᠲᠤᠷ ᠲᠡᠳᠬᠦᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠲᠠᠲᠠᠬᠤ ︽ᠰᠣᠷᠢᠨᠵᠢᠨ ᠰᠣᠷᠣᠭᠤᠯ ᠤᠨ | ᠦᠢᠯᠡᠴᠢᠯᠡᠭᠡ︾ ᠶᠢ ᠴᠢᠩᠭᠠᠳᠬᠠᠨ᠎ᠠ᠃ ᠪᠥᠬᠦ ᠵᠢᠯ ᠳᠤ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ ᠢ | 30 ᠠᠴᠠ ᠳᠡᠭᠡᠭᠰᠢ ᠣᠷᠣᠭᠤᠯᠤᠨ ᠠᠪᠴᠢᠷᠠᠵᠤ᠂ 40 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠭᠦᠯᠦᠨ᠎ᠡ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠥᠷᠭᠡᠳᠬᠡᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ᠬᠤᠳᠠ ᠶᠢᠨ ᠴᠢᠨᠠᠷ ᠰᠠᠶᠢᠲᠠᠶ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠨᠡᠭᠡᠭᠡᠨ ᠬᠥᠭᠵᠢᠭᠦᠯᠬᠦ | ᠡᠷᠴᠢᠮ ᠢ ᠬᠢᠵᠠᠭᠠᠷᠯᠠᠬᠤ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ᠂ ᠹᠠᠨ ᠵᠢᠶᠠ ᠶᠢᠩ᠂ ᠪᠠᠭ᠎ᠠ ᠲᠦᠷᠭᠡᠨ ᠭᠤᠤᠯ ᠵᠡᠷᠭᠡ 15 | ᠬᠡᠰᠡᠭ ᠭᠠᠵᠠᠷ ᠰᠢᠷᠣᠶ ᠶᠢ ᠡᠮᠬᠢᠯᠡᠨ ᠭᠠᠷᠭᠠᠵᠤ ᠥᠭᠬᠦ ᠶᠢ ᠲᠦᠷᠭᠡᠳᠬᠡᠨ ᠠᠬᠢᠭᠤᠯᠵᠤ᠂ ᠸᠠᠨ ᠶᠢᠨ ᠺᠤᠸᠠᠨ ᠶᠤᠸᠠᠢ᠂ | ᠴᠢᠦ ᠱᠢ ᠵᠢᠩ ᠰᠢ ᠵᠡᠷᠭᠡ 16 ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ ᠢ ᠰᠢᠨ᠎ᠡ ᠪᠠᠷ | ᠦᠷᠭᠦᠯᠵᠢᠯᠡᠨ ᠪᠠᠶᠢᠭᠤᠯᠤᠨ᠎ᠠ᠃ ᠹᠦ᠋ ᠽᠧ ᠶᠤᠸᠠᠨ ᠵᠡᠷᠭᠡ 6 ᠡᠭᠡᠭᠦᠯᠦᠨ ᠨᠡᠭᠦᠯᠭᠡᠬᠦ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠪᠦᠬᠦᠨ ᠢ | ᠰᠢᠢᠳᠪᠦᠷᠢᠯᠡᠬᠦ ᠪᠠᠷ ᠴᠢᠷᠮᠠᠶᠢᠨ᠎ᠠ᠃ 45 ᠬᠠᠭᠤᠴᠢᠨ ᠬᠤᠷᠢᠶᠠᠯᠠᠯ ᠢ ᠥᠭᠡᠷᠡᠴᠢᠯᠡᠵᠦ᠂ 58 ᠬᠤᠷᠢᠶᠠᠯᠠᠯ ᠤᠨ ᠤᠰᠤ | ᠢᠳᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠤᠳᠠ ᠶᠢᠨ ᠲᠣᠭᠤᠷᠢᠭ ᠤᠨ ᠣᠷᠣᠰᠢᠨ | ᠰᠠᠭᠤᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠣᠣ ᠵᠢᠶᠦ᠋ᠨ ᠵᠠᠮ᠂ ᠣᠷᠳᠣᠰ | ᠶᠡᠭᠡ ᠵᠡᠭᠡᠯᠢ ᠵᠡᠷᠭᠡ 6 ᠵᠤᠷᠪᠤᠰ ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠵᠠᠮ᠂ ᠵᠢᠨᠨᠠᠨ ᠵᠢᠷᠭᠤᠳᠤᠭᠠᠷ ᠵᠡᠭᠡᠯᠢ ᠵᠡᠷᠭᠡ 5 ᠵᠤᠷᠪᠤᠰ | ᠲᠠᠰᠤᠷᠬᠠᠶ ᠵᠠᠮ ᠢ ᠨᠡᠪᠲᠡᠷᠡᠭᠦᠯᠵᠦ᠂ 30 ᠵᠤᠷᠪᠤᠰ ᠵᠢᠵᠢᠭ ᠵᠡᠭᠡᠯᠢ ᠭᠤᠳᠤᠮᠵᠢ ᠶᠢ ᠰᠡᠯᠪᠢᠨ ᠵᠠᠰᠠᠵᠤ ᠥᠭᠡᠷᠡᠴᠢᠯᠡᠨ | ᠵᠠᠰᠠᠵᠤ᠂ ᠵᠠᠮ ᠤᠨ ᠲᠣᠤᠷ ᠤᠨ ᠰᠠᠭᠠᠳ ᠥᠬᠡᠶ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠳᠣᠣᠷᠠᠬᠢ | ᠬᠤᠭᠤᠯᠠᠶ ᠶᠢᠨ ᠲᠣᠣᠷ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ | ᠬᠠᠭᠤᠴᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠢ 17.3 ᠺᠢᠯᠣᠮᠧᠲᠷ᠂ ᠤᠰᠤ ᠬᠠᠩᠭᠠᠬᠤ | ᠤᠰᠤ ᠵᠠᠯᠠᠬᠤ ᠬᠤᠭᠤᠯᠠᠶ ᠶᠢᠨ ᠲᠣᠣᠷ ᠢ 20 ᠺᠢᠯᠣᠮᠧᠲᠷ ᠰᠢᠨᠡᠳᠬᠡᠵᠦ᠂ ᠵᠡᠭᠦᠨ ᠡᠦ ᠯᠢ ᠶᠢᠩ ᠤᠨ 220 | ᠺᠢᠯᠤᠸᠠᠲ᠂ ᠭᠤᠷᠤᠬ᠎ᠠ ᠶᠢᠨ ᠤᠰᠤᠨ ᠤ 110 ᠺᠢᠯᠤᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠶᠢᠨ ᠡᠮᠦᠨ᠎ᠡ ᠬᠡᠰᠡᠭ ᠤᠨ ᠵᠠᠯᠭᠠᠯᠳᠤᠭᠰᠠᠨ | ᠣᠷᠣᠨ ᠤ ᠬᠥᠭᠵᠢᠯᠲᠡ ᠳᠤ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ᠃ ︽ᠳᠤᠯᠠᠭᠠᠯᠠᠬᠤ ᠢᠨᠵᠧᠨᠧᠷᠢᠩ︾ ᠢ | ᠭᠦᠨᠵᠡᠭᠡᠶ ᠬᠡᠷᠡᠭᠵᠢᠭᠦᠯᠵᠦ᠂ 3000 ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠵᠠᠰᠠᠬᠤ᠂ 62 ᠲᠦᠮᠡᠨ ᠲᠡᠭᠰᠢ ᠳᠥᠷᠪᠡᠯᠵᠢᠨ ᠮᠧᠲᠷ ᠤᠨ ᠬᠥᠳᠡᠭᠡ ᠲᠣᠰᠬᠤᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ | ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠢᠯᠴᠢ ᠬᠠᠩᠭᠠᠬᠤ ᠬᠤᠭᠤᠯᠠᠶ ᠶᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠡᠮᠬᠢ ᠵᠢᠷᠤᠮ ᠲᠠᠢ ᠪᠠᠷ ᠰᠢᠨᠡᠳᠬᠡᠵᠦ᠂ ᠢᠯᠴᠢ ᠬᠠᠩᠭᠠᠬᠤ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠨ᠎ᠠ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠬᠤᠸᠠᠷ ᠬᠠᠳᠬᠤᠬᠤ︾ ᠬᠦᠴᠦ | ᠣᠷᠣᠭᠤᠯᠵᠤ ᠪᠠᠶᠢᠭᠠᠳ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠭᠠᠵᠠᠷ ᠤᠨ ︽ | ᠵᠢᠷᠭᠤᠭᠠᠨ ᠵᠠᠭᠤᠨ ᠤ ᠵᠠᠭᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷ ᠤᠨ ᠭᠠᠳᠠᠨᠠᠬᠢ ᠵᠠᠷ ᠮᠡᠳᠡᠭᠡ᠂ ᠬᠠᠮᠲᠤ ᠪᠠᠷ | ᠡᠳ᠋ᠯᠡᠬᠦ ᠳᠤᠭᠤᠶ ᠲᠡᠷᠭᠡ᠂ ᠬᠤᠶᠠᠷ ᠠᠴᠠ ᠵᠥᠷᠢᠴᠡᠭᠰᠡᠨ ᠪᠠᠷᠢᠯᠭ᠎ᠠ ᠵᠡᠷᠭᠡ ᠶᠢ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠠ | ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠬᠤᠲᠠ ᠶᠢᠨ ︽ | ᠠᠮᠢᠳᠤᠷᠠᠯ ᠤᠨ ᠠᠭᠤᠷ ᠠᠮᠢᠰᠬᠤᠯ︾ ᠢ ᠳᠡᠭᠡᠭᠰᠢᠯᠡᠭᠦᠯᠦᠨ᠎ᠡ᠃ ᠴᠠᠬᠢᠯᠭᠠᠨ ᠴᠡᠨᠡᠭᠯᠡᠬᠦ ᠪᠠᠭᠠᠨ᠎ᠠ ᠶᠢ 2000 | ᠰᠢᠨ᠎ᠡ ᠪᠠᠷ ᠪᠠᠶᠢᠭᠤᠯᠵᠤ᠂ ᠲᠡᠷᠭᠡ ᠵᠣᠭᠰᠣᠭᠠᠬᠤ ᠪᠠᠶᠢᠷᠢ ᠶᠢ 1.3 ᠲᠦᠮᠡ ᠰᠢᠨ᠎ᠡ ᠪᠠᠷ ᠨᠡᠮᠡᠭᠳᠡᠭᠦᠯᠵᠦ᠂ ᠵᠠᠮ ᠤᠨ | ᠵᠠᠩᠭᠢᠶᠠᠰᠤ ᠶᠢ 200 ᠭᠤᠶᠤᠵᠢᠭᠤᠯᠤᠨ᠂ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠵᠡᠷᠭᠡ ᠲᠠᠰ | ᠳᠡᠪᠰᠢᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠨ ᠠᠵᠢᠯᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠠᠠᠴᠠᠵᠢᠭᠤᠯᠬᠤ | ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠨ | ᠵᠢᠱᠢᠶ᠎ᠡ ᠦᠵᠡᠭᠦᠯᠬᠦ 9 ᠨᠡᠶᠢᠭᠡᠮ ᠲᠣᠭᠤᠷᠢᠭ᠂ ᠵᠢᠱᠢᠶ᠎ᠡ ᠦᠵᠡᠭᠦᠯᠬᠦ 100 ᠬᠤᠷᠢᠶᠠᠯᠠᠯ ᠢ ᠪᠣᠶ ᠪᠣᠯᠭᠠᠵᠤ᠂ ᠵᠣᠣ | ᠵᠢᠶᠦ᠋ᠨ ᠵᠠᠮ ᠤᠨ ᠵᠡᠭᠡᠯᠢ ᠭᠤᠳᠤᠮᠵᠢ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠪᠠᠷ ᠴᠢᠷᠮᠠᠶᠢᠨ᠎ᠠ᠃ | ︵ᠲᠦᠷᠪᠡ︶ ᠠᠮᠢ ᠠᠬᠤᠢ ᠶᠢᠨ ᠣᠷᠴᠢᠨ ᠲᠣᠭᠤᠷᠢᠨ ᠢ ᠡᠷᠡᠰ ᠭᠤᠶᠢᠪᠢᠰᠢ ᠦᠭᠡᠢ ᠰᠠᠶᠢᠵᠢᠷᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠭᠡᠷᠡᠯᠳᠦᠬᠦᠯᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ | ᠪᠣᠯᠭᠠᠨ᠎ᠠ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠪᠣᠬᠢᠷᠲᠤᠯ ᠥᠬᠡᠶ ᠪᠠᠭ᠎ᠠ ᠨᠡᠭᠦᠷᠡᠰᠦᠳᠦᠷᠦᠭᠴᠢᠲᠦ | ᠬᠥᠭᠵᠢᠯᠲᠡ ᠶᠢᠨ ᠰᠢᠨ᠎ᠡ ᠵᠠᠮ ᠢ ᠭᠦᠨᠵᠡᠭᠡᠶ ᠦᠢᠯᠡᠳᠦᠯᠭᠡᠵᠢᠭᠦᠯᠵᠦ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠬᠦᠬᠡ | ᠣᠭᠲᠠᠷᠭᠤᠢ ᠶᠢ ᠪᠠᠶᠢᠩᠭᠤ ᠪᠠᠶᠢᠯᠭᠠᠵᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ | ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠳᠤ ᠰᠢᠯᠵᠢᠭᠦᠯᠬᠦ ᠶᠢ | ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ | ᠪᠠᠶᠢᠭᠤᠯᠬᠤ ᠶᠢ ᠵᠣᠷᠢᠭᠵᠢᠭᠤᠯᠵᠤ᠂ ᠣᠶᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ ᠨᠣᠭᠤᠭᠠᠨ ᠴᠠᠬᠢᠯᠭᠠᠨ ᠢ | ᠰᠢᠩᠭᠡᠭᠡᠨ ᠠᠪᠴᠤ᠂ ᠡᠨᠧᠷᠭᠢ ᠬᠡᠷᠡᠭᠯᠡᠬᠦ ᠶᠢ ᠪᠣᠬᠢᠷᠲᠤᠯ ᠥᠬᠡᠶ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ | ᠪᠣᠯᠭᠠᠬᠤ ᠶᠢ ᠠᠬᠢᠭᠤᠯᠤᠨ᠎ᠠ᠃ ᠠᠷᠢᠭᠤᠨ ᠴᠡᠪᠡᠷ ᠡᠨᠧᠷᠭᠢ ᠶᠢ ᠰᠣᠯᠢᠬᠤ ᠪᠠ ᠡᠰᠢ ᠰᠦᠷᠡᠯ ᠢ ᠰᠢᠲᠠᠭᠠᠬᠤ ᠶᠢ | ᠴᠠᠭᠠᠵᠠᠯᠠᠬᠤ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠴᠡᠩᠭᠡᠭ ᠤᠰᠤ ᠶᠢ ᠤᠷᠳᠤ ᠬᠤᠭᠤᠴᠠᠭ᠎ᠠ ᠪᠠᠷ ᠤᠷᠤᠰᠬᠠᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠶᠡᠬᠡᠪᠡᠷ ᠠᠬᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠨᠠᠶᠢᠳᠠᠪᠤᠷᠢᠵᠢᠭᠤᠯᠤᠨ᠎ᠠ᠃ ᠶᠡᠭᠡ ᠲᠦᠷᠭᠡᠨ ᠭᠤᠤᠯ ᠤᠨ ᠵᠠᠮ ᠢ ᠳᠡᠭᠡᠭᠰᠢᠯᠡᠭᠦᠯᠬᠦ ᠵᠢᠴᠢ | ᠰᠡᠭᠦᠯ ᠤᠨ ᠤᠰᠤᠨ ᠤ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ ᠪᠡᠶᠡᠯᠡᠭᠦᠯᠵᠦ᠂ 25 ᠭᠤᠤᠯ ᠳᠤ | ᠤᠷᠤᠰᠤᠨ ᠣᠷᠣᠬᠤ ᠤᠰᠤ ᠵᠠᠯᠠᠬᠤ ᠠᠮᠠᠰᠠᠷ ᠢ ︽ᠨᠢᠭᠡ ᠠᠮᠠ ᠨᠢᠭᠡ ᠠᠷᠭ᠎ᠠ ᠪᠣᠳᠣᠯᠭ᠎ᠠ︾ ᠪᠠᠷ ᠴᠡᠭᠴᠡᠯᠡᠨ | ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠳᠤᠮᠳᠠ ᠵᠡᠷᠭᠡ ᠶᠢᠨ ᠤᠰᠤᠨ ᠬᠤᠭᠤᠯᠠᠶ ᠶᠢᠨ ᠲᠣᠣᠷ ᠢ 15 | ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ ᠡᠬᠡ ᠭᠠᠵᠠᠷ ᠢ ᠮᠥᠩᠬᠡ ᠨᠣᠭᠤᠭᠠᠨ ᠪᠠᠶᠢᠯᠭᠠᠵᠤ᠂ ︽ᠬᠠᠶᠠᠭᠳᠠᠮᠠᠯ | ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠷᠥᠰᠥ ᠰᠢᠷᠣᠢ ᠶᠢᠨ ᠪᠣᠬᠢᠷᠲᠤᠯ ᠢ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠬᠠᠤᠯᠢ ᠪᠤᠰᠤ ᠪᠠᠷ ᠴᠢᠳᠬᠤᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠰᠡᠷᠭᠡᠶᠢᠯᠡᠨ ᠵᠠᠰᠠᠬᠤ ᠪᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︽ᠭᠤᠷᠪᠠᠨ ᠤᠮᠠᠷᠠᠲᠤ ᠬᠢᠯᠢ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ | ᠬᠢᠵᠦ᠂ ᠤᠢ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 45 ᠬᠠᠷᠮᠠᠨ ᠴᠡᠴᠡᠷᠯᠢᠭ ᠢ | ᠪᠦᠳᠦᠭᠡᠨ ᠪᠠᠶᠢᠭᠤᠯᠵᠤ᠂ ᠡᠮᠦᠨ᠎ᠡ ᠭᠤᠷᠪᠠᠳᠤᠭᠠᠷ ᠲᠣᠭᠤᠷᠢᠯ ᠵᠠᠮ᠂ ᠨᠢᠰᠬᠡᠯ ᠤᠨ ᠪᠠᠭᠤᠳᠠᠯ ᠤᠨ ᠬᠤᠯᠪᠣᠬᠤ ᠱᠤᠭᠤᠮ | ᠵᠡᠷᠭᠡ 45 ᠺᠢᠯᠣᠮᠧᠲᠷ ᠤᠨ ᠨᠣᠭᠤᠭᠠᠨ ᠬᠤᠨᠭ᠍ᠬᠢᠯ ᠨᠣᠭᠤᠭᠠᠨ ᠵᠠᠮ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ | 150 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠎ᠡ᠃ | ︵ᠲᠠᠪᠤ︶ ᠠᠮᠤᠷ ᠲᠦᠪᠰᠢᠨ ᠲᠣᠭᠲᠠᠭᠤᠨ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠳᠡᠭᠡᠷ᠎ᠡ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ | ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠠᠩ ᠥᠨᠳᠥᠷ ᠬᠢᠷᠢ ᠲᠦᠪᠰᠢᠨ ᠪᠥᠬᠦᠶ | ᠠᠮᠤᠷ ᠠᠮᠤᠭᠤᠯᠠᠩ ᠢᠦᠢ ᠴᠢᠤᠸᠠᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ ᠡᠯ᠎ᠡ ᠱᠠᠲᠤᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠳᠤ ᠢᠳᠡᠪᠬᠢᠲᠡᠶ ᠪᠠᠷ ᠮᠡᠳᠡᠭᠦᠯᠵᠦ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠥᠷᠨᠢᠭᠦᠯᠵᠦ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠢᠨᠵᠧᠨᠧᠷᠢᠩ ᠤᠨ ᠪᠠᠷᠢᠯᠭ᠎ᠠ ᠶᠢᠨ ᠭᠠᠵᠠᠷ᠂ ᠢᠳᠡᠭᠡᠨ ᠪᠠ ᠡᠮ ᠤᠨ ᠵᠦᠢᠯ᠂ | ᠬᠤᠳᠠ ᠪᠠᠯᠭᠠᠰᠤᠨ ᠤ ᠰᠢᠲᠠᠮᠠᠬᠠᠶ ᠬᠡᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠦᠢᠯᠡᠳᠪᠦᠷᠢᠯᠡᠯ ᠤᠨ | ᠠᠶᠤᠯᠭᠦᠶ ᠶᠢᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ︽ᠬᠦᠯᠢᠶᠡᠰᠦ ᠶᠢ | ᠰᠤᠯᠠᠷᠠᠭᠤᠯᠵᠤ︾ ︽ᠴᠢᠳᠠᠪᠤᠷᠢ ᠣᠯᠭᠤᠵᠤ︾ ᠥᠭᠭᠦᠨ᠎ᠡ᠃ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ | ︽ᠹᠧᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢ ᠶᠡᠭᠡ ᠪᠠᠷ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠨ ᠠᠷᠢᠯᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠠᠮᠤᠭ ᠠᠴᠠ ᠪᠠᠴᠢᠮᠳᠠᠵᠤ ᠬᠠᠮᠤᠭ ᠠᠴᠠ ᠵᠣᠪᠠᠵᠤ ᠬᠠᠮᠤᠭ ᠠᠴᠠ ᠬᠦᠰᠡᠵᠦ | ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠥᠯᠢᠵᠢᠯ ᠤᠨ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠤᠳᠤᠷᠢᠳᠬᠤ ᠺᠠᠳ᠋ᠷ ᠲᠦᠷᠦᠭᠦᠯᠡᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠵᠦ ᠠᠷᠢᠯᠭᠠᠬᠤ ᠠᠵᠢᠯ ᠢ ᠰᠠᠶᠢᠲᠤᠷ ᠠᠳᠬᠤᠨ᠎ᠠ᠃ | ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ | ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠭᠤᠶᠢᠪᠢᠰᠢ ᠦᠭᠡᠢ ᠨᠡᠮᠡᠭᠳᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠨᠡᠩ ᠶᠡᠭᠡ | ᠰᠢᠪᠲᠤᠯᠤᠯᠲᠠ ᠲᠠᠢ ᠪᠣᠯᠭᠠᠨ᠎ᠠ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠬᠤᠳᠠ ᠪᠠᠯᠭᠠᠰᠤᠨ ᠳᠤ | 7500 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ︽ᠠᠷᠪᠠᠨ ᠲᠦᠮᠡᠨ ᠣᠶᠤᠲᠠᠨ ᠢ | ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ 300 ᠢᠵᠢ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠰᠢᠨ᠎ᠡ ᠪᠠᠷ ᠪᠠᠶᠢᠭᠤᠯᠵᠤ᠂ ᠪᠠᠯᠠ ᠮᠥᠩᠭᠦ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠦᠷ᠎ᠡ ᠬᠡᠤᠬᠡᠳ ᠢᠶᠠᠨ ᠰᠤᠷᠭᠠᠭᠤᠯᠢ ᠳᠤ ᠣᠷᠣᠭᠤᠯᠬᠤ ᠵᠡᠷᠭᠡ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠩ ᠣᠯᠠᠨ ᠵᠠᠯᠠᠭᠤ | ᠴᠢᠳᠠᠪᠤᠷᠢᠲᠠᠨ ᠢ ᠬᠥᠬᠡᠬᠤᠲᠠ ᠳᠤ ᠦᠯᠡᠳᠡᠭᠡᠨ ᠬᠥᠭᠵᠢᠭᠦᠯᠬᠦ ᠪᠠᠷ ᠲᠠᠲᠠᠨ᠎ᠠ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠰ ᠳᠠᠪᠬᠤᠷᠭ᠎ᠠ ᠲᠦᠷᠦᠯ ᠬᠤᠪᠢᠶᠠᠨ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯ ᠲᠠᠢ ᠬᠠᠮᠲᠤᠯᠢᠭ ᠤᠨ | ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠲᠣᠰᠬᠤᠨ ᠤ ᠱᠠᠲᠤᠨ ᠤ 10 ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠷᠳᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠨᠢᠭᠡ ᠮᠥᠴᠡ︾ ᠪᠠᠷ | ᠨᠠᠰᠤᠲᠠᠶᠢᠴᠤᠳ ᠲᠤ ᠦᠢᠯᠡᠴᠢᠯᠡᠬᠦ ᠬᠦᠷᠢᠶ᠎ᠡ ᠶᠢ ᠲᠦᠷᠭᠡᠪᠴᠢᠯᠡᠨ ᠪᠠᠶᠢᠭᠤᠯᠤᠨ᠎ᠠ᠃ ᠬᠤᠶᠠᠷ ᠢ ᠬᠦᠷᠢᠶᠡᠯᠡᠨ | ᠬᠠᠮᠲᠤᠪᠠᠷ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ | ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ | ᠬᠠᠷᠠᠭᠠᠯᠵᠠᠨ ᠲᠡᠳᠬᠦᠬᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠡᠷᠬᠡ ᠠᠰᠢᠭ ᠢ ᠪᠠᠲᠤᠯᠠᠬᠤ ᠵᠡᠷᠭᠡ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠵᠠᠯᠭᠠᠭ᠎ᠠ ᠪᠠᠷ ᠠᠷᠪᠠᠨ ᠵᠢᠯ ᠮᠠᠩᠯᠠᠶᠢᠯᠠᠭᠰᠠᠨ︾ ᠢ ᠴᠢᠷᠮᠠᠶᠢᠨ | ᠡᠭᠦᠳᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ︽ᠨᠢᠭᠡ | ᠲᠡᠩᠭᠡᠯᠢᠭ ᠬᠤᠶᠠᠷ ᠣᠷᠣᠨ︾ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠷᠢᠰᠢᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ︽ᠳᠥᠷᠪᠡᠨ ᠨᠢᠭᠡ︾ ᠶᠢᠨ ᠢᠨᠵᠧᠨᠧᠷᠢᠩ ᠪᠠ ︽ᠲᠠᠪᠤᠨ ᠶᠡᠭᠡ ᠳᠡᠭᠡᠭᠰᠢᠯᠡᠭᠦᠯᠬᠦ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠷᠢᠨ | ᠳᠣᠯᠣᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠪᠠᠭᠤᠷᠢ ᠪᠠ ᠰᠢ ᠱᠦᠶ ᠮᠦᠸᠧ ᠬᠡᠤᠬᠡᠳ ᠤᠨ ᠴᠡᠴᠡᠷᠯᠢᠭ ᠢ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠶᠢᠨ ᠾᠧ ᠬᠤᠶᠢᠲᠤ ᠵᠡᠭᠡᠯᠢ ᠶᠢᠨ ᠪᠠᠭ᠎ᠠ ᠰᠤᠷᠭᠠᠭᠤᠯᠢ ︵ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠪᠠᠭ᠎ᠠ ᠰᠤᠷᠭᠠᠭᠤᠯᠢ ᠶᠢᠨ ᠬᠡᠯᠲᠡᠰ︶ | ᠶᠢᠨ ᠭᠤᠤᠯ ᠴᠣᠭᠴᠠ ᠶᠢᠨ ᠤᠷᠤᠢ ᠶᠢ ᠨᠢ ᠠᠳᠠᠭᠠᠷᠯᠠᠨ᠂ ᠨᠠᠨ ᠬᠤ᠋ ᠲᠤᠷᠰᠢᠯᠲᠠ ᠶᠢᠨ ᠰᠤᠷᠭᠠᠭᠤᠯᠢ ︵ | ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ︶ ᠶᠢ ᠠᠵᠢᠯ ᠡᠬᠢᠯᠡᠭᠦᠯᠦᠨ | ᠪᠠᠶᠢᠭᠤᠯᠵᠤ᠂ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠂ ᠭᠡᠪᠬᠦᠢ ᠶᠢᠨ ᠪᠠᠶᠢᠰᠢᠩ ᠰᠤᠷᠭᠠᠭᠤᠯᠢ᠂ ᠨᠠᠨ ᠴᠠ | ᠹᠠᠩ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠶᠢᠨ ᠬᠠᠪᠰᠤᠷᠤᠮᠵᠢ ᠬᠡᠷᠡᠭᠯᠡᠭᠡᠨ ᠤ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠬᠤ ᠶᠢ ᠳᠥᠯᠭᠢᠨ ᠠᠬᠢᠭᠤᠯᠵᠤ᠂ ᠬᠤᠤ ᠰᠢᠶᠠᠩ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠵᠢᠯᠴᠠᠨ | ᠰᠢᠨ᠎ᠡ ᠶᠢ ᠡᠭᠦᠳᠬᠦ ᠶᠢ ᠨᠠᠩ ᠭᠦᠨ ᠲᠠᠰ ᠳᠠᠪᠬᠤᠷᠭ᠎ᠠ ᠲᠡᠶᠢᠰᠢ ᠠᠬᠢᠭᠤᠯᠬᠤ ᠶᠢ ᠪᠡᠶᠡᠯᠡᠭᠦᠯᠦᠨ᠎ᠡ᠃ ᠪᠠᠭᠰᠢ ᠶᠢᠨ | ᠡᠩᠨᠡᠭᠡ ᠶᠢ ︽ᠣᠷᠭᠠᠨᠢᠭ ᠢᠶᠠᠷ ᠰᠢᠨᠡᠳᠬᠡᠵᠦ︾᠂ ᠳᠡᠭᠡᠳᠦ ᠲᠠᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ 34 | ᠣᠷᠣᠭᠤᠯᠤᠨ ᠠᠪᠴᠢᠷᠠᠵᠤ᠂ ︽ᠨᠠᠷᠠᠲᠤ ᠪᠠᠭᠰᠢ +︾ ︽ᠨᠠᠷᠠᠲᠤ ᠰᠤᠷᠭᠠᠭᠤᠯᠢ ᠶᠢᠨ ᠵᠠᠬᠢᠷᠤᠯ +︾ ᠬᠥᠮᠦᠵᠢᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠵᠢᠭᠠᠨ ᠰᠤᠳᠤᠯᠤᠭᠴᠢ ᠶᠢᠨ ᠡᠩᠨᠡᠭᠡ ᠶᠢ ᠰᠢᠯᠢᠳᠡᠭ ᠪᠥᠭᠡᠳ ᠬᠦᠴᠦᠷᠬᠡᠭᠵᠢᠭᠦᠯᠦᠨ | ᠳᠣᠭᠢᠷᠠᠭᠤᠯᠵᠤ᠂ ᠨᠢᠭᠡ ᠪᠦᠯᠦᠭ ᠠᠷᠠᠳ ᠢᠷᠭᠡᠳ ᠤᠨ ︽ᠬᠡᠷ ᠤᠨ ᠡᠭᠦᠳᠡᠨ ᠳᠠᠬᠢ ᠰᠠᠶᠢᠨ ᠰᠤᠷᠭᠠᠭᠤᠯᠢ︾ ᠶᠢ | ᠴᠢᠷᠮᠠᠶᠢᠨ ᠪᠠᠶᠢᠭᠤᠯᠤᠨ᠎ᠠ᠃ | ᠡᠷᠡᠭᠦᠯ ᠮᠡᠨᠳᠦ ᠢᠦᠢ ᠴᠢᠤᠸᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠡᠬᠢ ᠪᠠᠶᠠᠯᠢᠭ ᠤᠨ ᠳᠠᠪᠠᠭᠤᠯᠢᠭ᠂ ᠲᠡᠷᠢᠭᠦᠨ ᠤ ᠮᠡᠷᠭᠡᠵᠢᠯ ᠪᠠ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠢᠦᠶ ᠴᠢᠤᠸᠠᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ | ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠪᠠ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠨᠠᠩ ᠣᠯᠠᠨ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠣᠯᠠᠨ ᠲᠦᠮᠡᠨ ᠳᠤ ᠣᠶᠢᠷ᠎ᠠ | ᠬᠠᠪᠢ ᠳᠠᠭᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ ᠲᠤᠭᠤᠷᠢᠭ ᠤᠨ ᠱᠠᠲᠤᠨ ᠤ | ᠡᠮᠨᠡᠯᠭᠡ ᠶᠢᠨ ᠬᠤᠷᠢᠶ᠎ᠠ ᠶᠢᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠤᠨ ᠲᠥᠷᠥᠯ ᠵᠦᠢᠯ ᠢ | ᠡᠬᠢᠯᠡᠭᠦᠯᠵᠦ᠂ ᠬᠢᠲᠠᠳ᠂ ᠮᠣᠩᠭᠤᠯ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ | ᠪᠦᠲᠦᠮᠵᠢᠲᠡᠢ ᠳᠡᠭᠡᠭᠰᠢᠯᠡᠭᠦᠯᠦᠨ᠎ᠡ᠃ 11 ᠡᠷᠡᠭᠦᠯ ᠬᠠᠮᠠᠭᠠᠯᠠᠯ ᠤᠨ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠣᠶᠣᠯ ᠪᠡᠶ᠎ᠡ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ | ᠳᠡᠯᠭᠡᠨ ᠦᠵᠡᠭᠦᠯᠬᠦ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠵᠦ᠂ 600 ᠲᠠᠯᠠᠪᠤᠷ ᠬᠡᠷᠡᠯ | ᠵᠢᠷᠤᠭ ᠢ ᠬᠥᠳᠡᠭᠡ ᠪᠠᠭᠤᠯᠭᠠᠵᠤ᠂ ᠳ᠋ᠠ ᠭᠤᠸᠠᠨ ᠶᠤᠸᠠᠨ ᠲᠢᠶᠠᠲᠷ ᠲᠤ ᠲᠦᠰᠢᠭᠯᠡᠨ ︽ᠯᠢᠦ ᠬᠤᠩ ᠰᠢᠶᠦ᠋ᠩ︾ | ᠵᠡᠷᠭᠡ ᠰᠣᠳᠣᠨ ᠵᠦᠴᠦᠭᠡ ᠶᠢ ᠳᠡᠯᠭᠡᠨ ᠲᠣᠭᠯᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠨ᠎ᠠ᠃ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ 300 ᠢᠵᠢ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠤᠭᠰᠠᠷᠠᠨ᠎ᠠ᠃ ᠪᠥᠬᠦ ᠤᠯᠤᠰ ᠤᠨ | ᠵᠢᠭᠠᠰᠤ ᠭᠥᠬᠢᠳᠡᠬᠦ ᠤᠷᠤᠯᠳᠤᠭᠠᠨ᠂ ᠬᠤᠲᠠ ᠶᠢᠨ ᠮᠠᠷᠠᠰᠤᠨ ᠤ ᠤᠷᠢᠯᠭ᠎ᠠ ᠶᠢᠨ ᠤᠷᠤᠯᠳᠤᠭᠠᠨ ᠢ ᠨᠠᠷᠢᠨ ᠨᠢᠮᠪᠠᠶ | ᠵᠣᠬᠢᠶᠠᠨ ᠪᠠᠶᠢᠭᠤᠯᠵᠤ᠂ ︽ᠪᠥᠬᠦ ᠠᠷᠠᠳ ᠢᠶᠠᠷ ᠢᠶᠠᠨ ᠢᠳᠡᠷᠡᠭᠦᠨ ᠠᠯᠬᠤᠬᠤ︾ ︽ᠨᠥᠬᠦᠷᠰᠡᠭ ᠬᠤᠲᠠ ᠶᠢᠨ | ᠴᠠᠭᠠᠰᠤᠨ ᠰᠢᠪᠠᠭᠤᠨ ᠤ ᠤᠷᠤᠯᠳᠤᠭᠠᠨ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ | ᠦᠷᠭᠦᠯᠵᠢᠯᠡᠨ ᠰᠠᠶᠢᠲᠤᠷ ᠥᠷᠨᠢᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠦᠨᠡᠨ ᠬᠦ | ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠢ ᠰᠠᠶᠢᠲᠤᠷ ᠥᠷᠨᠢᠭᠦᠯᠵᠦ᠂ ᠡᠯ᠎ᠡ ᠵᠦᠢᠯ ᠤᠨ ᠨᠡᠶᠢᠭᠡᠮ ᠤᠨ | ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠦᠨᠡᠨᠴᠢ ᠰᠢᠳᠤᠷᠭᠤ ᠪᠠᠶᠢᠬᠤ ᠰᠠᠭᠤᠷᠢ ᠶᠢ | ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ︽ᠬᠤᠶᠠᠷ ᠢ ᠲᠤᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ | ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ | ᠠᠯᠬᠤᠮ ᠢᠶᠠᠷ ᠡᠴᠦᠰ ᠲᠤᠨᠢ ᠲᠤᠯᠲᠠᠯ᠎ᠠ ᠠᠳᠬᠤᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠣᠳᠠᠲᠠᠢ | ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ | ᠢᠯᠡᠷᠡᠭᠦᠯᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠬᠠᠥᠯᠢᠵᠢᠯ ᠤᠨ ᠵᠠᠰᠠᠭ ᠤᠨ ᠣᠷᠳᠣᠨ ᠢ | ᠪᠠᠶᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ᠂ | ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ | ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠢᠲᠡᠭᠡᠮᠵᠢ ᠲᠠᠢ ᠪᠠᠶᠢᠵᠤ | ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠲᠥᠪ | ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠵᠦ ᠪᠠᠶᠢᠭ᠎ᠠ ᠶᠠᠪᠤᠳᠠᠯ᠂ ᠵᠠᠰᠠᠭ ᠤᠨ | ᠣᠷᠳᠣᠨ ᠤ ᠠᠮᠠᠯᠠᠭᠰᠠᠨ ᠶᠠᠪᠤᠳᠠᠯ ᠢ ᠪᠣᠳᠠᠲᠠᠢ ᠰᠠᠶᠢᠲᠤᠷ ᠬᠢᠵᠦ ᠦᠷ᠎ᠡ ᠪᠦᠲᠦᠮᠵᠢ ᠭᠠᠷᠭᠠᠵᠤ᠂ ᠵᠠᠰᠠᠭ ᠤᠨ | ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠷ ᠤᠯᠠᠨ ᠲᠦᠮᠡᠨ ᠤ ᠲᠠᠭᠠᠰᠢᠶᠠᠯ ᠢ ᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠬᠤ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ | ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ | ᠪᠠ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ | ᠪᠠᠭᠠᠰᠬᠠᠨ᠂ ᠠᠷᠢᠭᠤᠨ ᠴᠡᠪᠡᠷ ᠢ ᠡᠷᠬᠢᠮᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ | ᠪᠤᠢ ᠪᠤᠯᠭᠠᠬᠤ ᠬᠡᠷᠡᠭᠲᠡᠢ᠃ | ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ | ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠵᠤ᠂ | ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠢᠮᠠᠭᠲᠠ ᠤᠯᠠᠨ ᠲᠦᠮᠡᠨ ᠤ | ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠨ᠂ ᠠᠵᠢᠯ ᠢᠶᠠᠨ ᠲᠥᠯᠥᠪᠵᠢᠭᠦᠯᠵᠦ᠂ ᠤᠯᠠᠨ ᠲᠦᠮᠡᠨ ᠲᠠᠢ | ᠤᠢᠢᠷᠠᠳᠤᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠦᠬᠦ ᠬᠦᠴᠦᠨ | ᠴᠢᠳᠠᠯ ᠢᠶᠠᠨ ᠰᠢᠪᠬᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ | ᠦᠢᠯᠡᠳᠦᠯ ᠴᠢᠳᠠᠪᠤᠷᠢ ᠶᠢᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠺᠠᠳ᠋ᠷᠴᠤᠳ ᠤᠨ ᠠᠵᠢᠯ ᠤᠨ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠨᠡᠶᠢᠭᠡᠮ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠺᠠᠳ᠋ᠷᠴᠤᠳ ᠢ ᠵᠣᠷᠢᠭᠲᠠᠶ ᠪᠠᠷ ᠠᠵᠢᠯᠯᠠᠭᠤᠯᠬᠤ᠂ ᠠᠵᠤ ᠠᠬᠤᠶᠢᠯᠠᠯ ᠢ | ᠵᠣᠷᠢᠭᠲᠠᠶ ᠪᠠᠷ ᠠᠵᠢᠯᠯᠠᠭᠤᠯᠬᠤ᠂ ᠤᠯᠠᠨ ᠲᠦᠮᠡᠨ ᠢ ᠵᠣᠷᠢᠭᠲᠠᠶ ᠪᠠᠷ ᠡᠭᠦᠳᠦᠨ ᠪᠦᠲᠦᠭᠡᠬᠦ ᠳᠤ ᠬᠦᠷᠦᠭᠦᠯᠵᠦ᠂ | ᠵᠠᠰᠠᠭ ᠤᠨ ᠣᠷᠳᠣᠨ ᠤ ᠠᠵᠢᠯ ᠤᠨ ︽ᠦᠢᠯᠡᠴᠢᠯᠡᠭᠡᠨ ᠤ ᠢᠯᠡᠳᠬᠡᠭᠴᠢ ᠲᠤᠭ᠎ᠠ︾ ᠪᠠᠷ ᠠᠷᠠᠳ ᠤᠯᠠᠨ ᠤ ︽ᠵᠣᠯ | ᠵᠢᠷᠭᠠᠯ ᠤᠨ ᠢᠯᠡᠳᠬᠡᠭᠴᠢ ᠲᠤᠭ᠎ᠠ︾ ᠶᠢ ᠰᠣᠯᠢᠵᠤ ᠠᠪᠤᠨ᠎ᠠ᠃ | ᠲᠥᠯᠥᠭᠡᠯᠡᠭᠴᠢᠳ ᠡ᠂ ᠰᠠᠯᠬᠢᠨ ᠤ ᠠᠶ᠎ᠠ ᠪᠠᠷ ᠰᠢᠨ᠎ᠡ ᠠᠶᠠᠨ ᠢᠶᠠᠨ ᠡᠬᠢᠯᠡᠭᠦᠯᠵᠦ᠂ ᠠᠶᠠᠨ ᠵᠠᠮ ᠢᠶᠠᠨ | ᠡᠬᠢᠯᠡᠭᠦᠯᠦᠨ ᠳᠠᠷᠪᠠᠭᠤᠯ ᠬᠡᠶᠢᠰᠭᠡᠬᠦ ᠴᠠᠭ ᠬᠦᠷᠴᠦ ᠢᠷᠡᠯ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ | ᠯᠠᠪᠳᠠᠭᠤᠨ ᠪᠠᠲᠤᠲᠠᠢ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠢᠦᠢ ᠴᠢᠤᠸᠠᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠢᠦᠢ ᠴᠢᠤᠸᠠᠨ ᠤ ᠬᠦᠴᠦᠨ ᠴᠢᠳᠠᠯ ᠢᠶᠠᠨ ᠨᠡᠮᠡᠷᠢᠯᠡᠶ᠎ᠡ︕ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |