ᠢᠦᠢ ᠴᠢᠤᠸᠠᠨ ᠲᠣᠭᠤᠷᠢᠭ ᠤᠨ ᠳ᠋ᠠ ᠭᠤᠸᠠᠨ ᠶᠤᠸᠠᠨ ᠲᠢᠶᠠᠲᠷ᠄ ᠱᠠᠨ ᠰᠢ ᠵᠦᠴᠦᠭᠡ ᠬᠡᠷᠡᠯ ᠰᠠᠴᠤᠷᠠᠩᠭᠤᠢ ᠳᠡᠯᠭᠡᠷᠡᠵᠦ᠂ ᠬᠤᠳᠠ ᠶᠢᠨ ᠠᠷᠠᠳ ᠬᠠᠯᠠᠭᠤᠨ ᠢᠶᠠᠷ ᠮᠠᠭᠲᠠᠨ ᠰᠠᠶᠢᠰᠢᠶᠠᠪᠠ
ᠨᠡᠶᠢᠲᠡᠯᠡᠭᠰᠡᠨ ᠴᠠᠭ᠄
2024/2/21
     ᠰᠦᠷ ᠵᠢᠪᠬᠤᠯᠠᠩᠲᠠᠶ ᠱᠠᠨ ᠰᠢ ᠵᠦᠴᠦᠭᠡ ᠶᠢᠨ ᠲᠣᠭᠯᠠᠯᠲᠠ᠂ ᠬᠥᠮᠦᠨ ᠤ ᠰᠡᠳᠬᠢᠯ ᠢ ᠳᠣᠭᠳᠣᠯᠤᠭᠤᠯᠤᠮ᠎ᠠ ᠦᠯᠢᠭᠡᠷ᠂ ᠲᠤᠪ ᠲᠤᠲᠤᠷᠬᠠᠢ ᠭᠤᠴᠤ ᠰᠠᠶᠢᠬᠠᠨ ᠲᠠᠶᠢᠰᠠᠨ ᠤ ᠦᠵᠡᠮᠵᠢ᠂ ᠬᠤᠣᠰ ᠦᠭᠡᠢ ᠭᠤᠶᠢᠳᠠ ᠰᠠᠶᠢᠬᠠᠨ ᠱᠠᠨ ᠰᠢ ᠵᠦᠴᠦᠭᠡ ᠶᠢᠨ ᠲᠣᠭᠯᠠᠯᠲᠠ ᠶᠢ ᠲᠠᠶᠢᠰᠠᠨ ᠤ ᠳᠤᠤᠷ᠎ᠠ ᠪᠠᠶᠢᠭ᠎ᠠ ᠵᠦᠴᠦᠭᠡ ᠶᠢᠨ ᠬᠤᠷᠤᠬᠠᠢᠢᠲᠠᠳ ᠬᠠᠯᠠᠭᠤᠨ ᠢᠶᠠᠷ ᠮᠠᠭᠲᠠᠨ ᠰᠠᠶᠢᠰᠢᠶᠠᠯ᠎ᠠ ᠁ 2 ᠳ᠋ᠤᠭᠠᠷ ᠰᠠᠷ᠎ᠠ ᠶᠢᠨ 18 ᠤ ᠡᠳᠦᠷ᠂ ᠪᠦᠬᠦ ᠤᠯᠤᠰ ᠤᠨ ᠰᠢ ᠵᠦᠴᠦᠭᠡ ᠶᠢᠨ ᠰᠢᠯᠢᠳᠡᠭ ᠵᠦᠴᠦᠭᠡ ᠶᠢᠨ ᠨᠢᠭᠡ ᠪᠣᠯᠤᠭᠰᠠᠨ ᠱᠠᠨ ᠰᠢ ᠵᠦᠴᠦᠭᠡ ︽ᠴᠡᠴᠡᠭ ᠤᠨ ᠳᠣᠲᠣᠷᠠᠬᠢ ᠡᠷᠳᠡᠮᠲᠡᠨ ᠮᠡᠷᠭᠡᠳ︾ ᠢ ᠢᠦᠢ ᠴᠢᠤᠸᠠᠨ ᠲᠣᠭᠤᠷᠢᠭ ᠤᠨ ᠳ᠋ᠠ ᠭᠤᠸᠠᠨ ᠶᠤᠸᠠᠨ ᠲᠢᠶᠠᠲᠷ ᠲᠤ ᠲᠣᠭᠯᠠᠵᠠᠢ᠃
     ᠲᠠᠶᠢᠰᠠᠨ ᠳᠡᠭᠡᠷ᠎ᠡ ᠯᠢ ᠵᠢᠦ ᠱᠧᠩ ᠤᠨ ᠵᠠᠩ ᠰᠤᠷᠲᠠᠯ ᠲᠥᠪ ᠭᠤᠣᠯᠴᠢ︔ ᠠᠪᠢᠶᠠᠰ ᠪᠢᠯᠢᠭᠲᠦ ᠥᠬᠢᠨ ᠯᠢ ᠰᠦ ᠫᠢᠩ ᠤᠨ ᠠᠷᠢᠭᠤᠨ ᠴᠢᠬᠡᠴᠢ ᠪᠠᠷ ᠪᠡᠶ᠎ᠡ ᠪᠠᠨ ᠰᠠᠬᠢᠵᠤ᠂ ᠤᠭ ᠰᠠᠨᠠᠭ᠎ᠠ ᠪᠠᠨ ᠦᠯᠦ ᠮᠠᠷᠲᠠᠬᠤ ᠵᠣᠷᠢᠭ ᠰᠠᠨᠠᠭ᠎ᠠ ᠨᠢ ᠪᠦᠬᠦ ᠲᠠᠯᠠᠪᠠᠢ ᠶᠢᠨ ᠦᠵᠡᠭᠴᠢᠳ ᠤᠨ ᠰᠡᠳᠬᠢᠯ ᠢ ᠳᠣᠭᠳᠣᠯᠤᠭᠤᠯᠪᠠ᠃ ᠲᠠᠶᠢᠰᠠᠨ ᠤ ᠳᠣᠣᠷ᠎ᠠ᠂ ᠦᠵᠡᠭᠴᠢᠳ ᠬᠠᠯᠠᠭᠤᠨ ᠢᠶᠠᠷ ᠠᠯᠠᠭ᠎ᠠ ᠲᠠᠰᠢᠵᠤ᠂ ᠪᠠᠶᠠᠷ ᠤᠨ ᠲᠠᠭᠤᠨ ᠲᠠᠰᠤᠷᠠᠭ᠎ᠠ ᠥᠬᠡᠶ ᠳᠠᠭᠤᠷᠢᠰᠴᠤ᠂ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠰᠤᠷᠪᠤᠯᠵᠢᠯᠠᠭᠴᠢ ᠶᠢᠨ ᠬᠠᠵᠠᠭᠤ ᠳᠠᠬᠢ ᠨᠢᠭᠡᠨ ᠵᠠᠯᠠᠭᠤ ᠦᠵᠡᠭᠴᠢᠳ ᠵᠦᠴᠦᠭᠡ ᠶᠢᠨ ᠳᠣᠲᠣᠷᠠᠬᠢ ᠬᠤᠶᠠᠷ ᠪᠠᠳᠠᠭ ᠳᠠᠭᠤᠤ ᠶᠢᠨ ᠦᠭᠡ ᠶᠢ ᠭᠢᠩᠰᠢᠵᠦ᠂ ᠬᠠᠵᠠᠭᠤ ᠳᠠᠬᠢ ᠦᠵᠡᠭᠴᠢᠳ ᠤᠨ ᠠᠯᠠᠭ᠎ᠠ ᠲᠠᠰᠢᠯᠲᠠ ᠶᠢ ᠤᠯᠪᠠ᠃
     ᠱᠠᠨ ᠰᠢ ᠵᠦᠴᠦᠭᠡ ︽ᠴᠡᠴᠡᠭ ᠤᠨ ᠳᠣᠲᠣᠷᠠᠬᠢ ᠡᠷᠳᠡᠮᠲᠡᠨ ᠮᠡᠷᠭᠡᠳ︾ ᠤᠨ ᠭᠤᠶᠢᠳᠠ ᠰᠠᠶᠢᠬᠠᠨ ᠲᠣᠭᠯᠠᠯᠲᠠ ᠨᠢ ᠰᠢ ᠵᠦᠴᠦᠭᠡ ᠶᠢ ᠳᠠᠬᠢᠨᠲᠠ ᠣᠯᠠᠨ ᠲᠦᠮᠡᠨ ᠤ ᠳᠤᠮᠳᠠ ᠠᠪᠴᠢᠷᠠᠵᠤ᠂ ᠣᠯᠠᠨ ᠲᠦᠮᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠤᠲᠠ ᠶᠢᠨ ᠠᠷᠠᠳ ᠲᠤ ᠰᠢᠯᠢᠳᠡᠭ ᠤᠯᠠᠮᠵᠢᠯᠠᠯᠲᠤ ᠰᠣᠶᠣᠯ ᠤᠨ ᠳᠤᠮᠳᠠ ᠠᠴᠠ ᠰᠢᠨ᠎ᠡ ᠵᠢᠯ ᠤᠨ ᠦᠨᠦᠷ ᠠᠮᠲᠠ ᠶᠢ ᠮᠡᠳᠡᠷᠡᠭᠦᠯᠵᠦ᠂ ᠱᠠᠨ ᠰᠢ ᠵᠦᠴᠦᠭᠡ ᠶᠢ ᠰᠤᠨᠢᠷᠬᠠᠬᠤ ᠨᠢ ᠨᠢᠭᠡ ᠤᠳᠠᠭᠠᠨ ᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠤᠯᠠᠮᠵᠢᠯᠠᠯᠲᠤ ᠰᠣᠶᠣᠯ ᠤᠨ ᠲᠤᠬᠠᠶ ᠭᠦᠨᠵᠡᠭᠡᠶ ᠣᠶᠢᠯᠠᠭᠠᠯᠲᠠ ᠪᠣᠯᠬᠤ ᠶᠤᠮ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号