2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/2/21
      2 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠫᠢᠩᠫᠠᠩ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠭᠤᠯᠤᠮᠳᠠ ᠭᠠᠯ ᠫᠢᠩᠫᠠᠩ ᠪᠥᠮᠪᠦᠭᠡ ᠶᠢᠨ ᠺᠯᠦ᠋ᠪ ᠠᠴᠠ ᠳᠠᠭᠠᠭᠠᠴᠢᠯᠠᠨ ᠡᠷᠬᠢᠯᠡᠭᠰᠡᠨ᠂ 4 ᠡᠳᠦᠷ ᠤᠨ ᠬᠤᠭᠤᠴᠠᠭ᠎ᠠ ᠲᠠᠢ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠫᠢᠩᠫᠠᠩ ᠪᠥᠮᠪᠦᠭᠡ ᠦᠳᠦᠨ ᠪᠥᠮᠪᠦᠭᠡ ᠲᠣᠣᠷ ᠪᠥᠮᠪᠦᠭᠡ ᠪᠤᠤᠯᠢᠩ ᠪᠥᠮᠪᠦᠭᠡ ᠶᠢᠨ ᠣᠷᠳᠣᠨ ᠳᠤ ᠶᠠᠪᠤᠭᠳᠠᠪᠠ᠃ ᠤᠷᠤᠯᠳᠤᠭᠠᠨ ᠤ ᠳᠤᠭᠤᠶᠢᠯᠠᠩ ᠳᠤ ᠡᠷᠡᠭᠲᠡᠢ ᠡᠮᠡᠭᠲᠡᠢ ᠲᠣᠰ ᠲᠣᠰ 12 ᠳᠤᠭᠤᠶᠢᠯᠠᠩ ᠭᠠᠷᠭᠠᠵᠤ᠂ 7 — 18 ᠨᠠᠰᠤᠨ ᠤ ᠱᠠᠲᠤ ᠶᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠠᠨ ᠳᠠᠬᠢ ᠲᠣᠰ ᠨᠠᠰᠤᠨ ᠤ ᠱᠠᠲᠤᠨ ᠤ ᠬᠠᠮᠤᠭ ᠤᠨ ᠥᠨᠳᠥᠷ ᠬᠢᠷᠢ ᠲᠦᠪᠰᠢᠨ ᠤ ᠤᠷᠤᠯᠳᠤᠭᠠᠨ ᠪᠣᠯᠣᠨ᠎ᠠ᠃ ᠰᠤᠷᠪᠤᠯᠵᠢᠯᠠᠭᠴᠢ ᠮᠢᠶᠣᠣ ᠰᠢᠨ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号