ᠢᠦᠶ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠴᠠᠭᠠᠨ ᠰᠠᠷ᠎ᠠ ᠶᠢᠨ ᠪᠠᠶᠠᠷ ᠤᠨ ᠳᠠᠷᠠᠭᠠᠬᠢ ᠰᠡᠳᠬᠢᠯ ᠢᠶᠠᠨ ᠬᠤᠷᠢᠶᠠᠬᠤ ᠬᠤᠷᠠᠯ ᠵᠢᠴᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/21
     2024 ᠣᠨ ᠤ 2 ᠳ᠋ᠤᠭᠠᠷ ᠰᠠᠷ᠎ᠠ ᠶᠢᠨ 19 ᠤ ᠦᠳᠡ ᠶᠢᠨ ᠡᠮᠦᠨ᠎ᠡ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠠᠴᠠ ᠪᠦᠬᠦ ᠺᠠᠳ᠋ᠷᠴᠤᠳ ᠢ ᠵᠣᠬᠢᠶᠠᠨ ᠪᠠᠶᠢᠭᠤᠯᠤᠨ ᠴᠠᠭᠠᠨ ᠰᠠᠷ᠎ᠠ ᠶᠢᠨ ᠪᠠᠶᠠᠷ ᠤᠨ ᠳᠠᠷᠠᠭᠠᠬᠢ ᠰᠡᠳᠬᠢᠯ ᠢᠶᠠᠨ ᠬᠤᠷᠢᠶᠠᠬᠤ ᠬᠤᠷᠠᠯ ᠵᠢᠴᠢ ᠠᠵᠢᠯ ᠤᠨ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠦᠬᠦ ᠺᠠᠳ᠋ᠷᠴᠤᠳ ᠢ ᠤᠯᠠᠮ ᠴᠢᠨᠠᠭᠰᠢᠳᠠ ᠪᠦᠯᠬᠦᠮᠳᠡᠭᠦᠯᠦᠨ ᠳᠠᠶᠢᠴᠢᠯᠠᠵᠤ ᠪᠠᠶᠠᠷ ᠤᠨ ᠡᠳᠦᠷ ᠤᠨ ᠠᠭᠤᠷ ᠠᠮᠢᠰᠬᠤᠯ ᠠᠴᠠ ᠲᠦᠷᠭᠡᠨ ᠭᠠᠷᠭᠠᠵᠤ᠂ ᠪᠦᠬᠦ ᠺᠠᠳ᠋ᠷᠴᠤᠳ ᠤᠨ ᠲᠥᠪᠯᠡᠩᠭᠦᠢ ᠬᠦᠴᠦᠨ ᠢ ᠨᠢᠭᠲᠠᠷᠠᠭᠤᠯᠵᠤ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠳᠠᠭᠠᠨ ᠣᠷᠣᠯᠴᠠᠭᠤᠯᠵᠠᠢ᠃
     ᠬᠤᠷᠠᠯ ᠳᠡᠭᠡᠷ᠎ᠡ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠬᠤᠩ ᠸᠠᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠳᠠ ᠶᠢᠨ ᠳᠦᠷᠰᠦ ᠪᠠᠶᠢᠳᠠᠯ᠂ ᠡᠮᠬᠢ ᠳᠢᠭᠯᠢᠮ ᠤᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠨᠠᠷᠢᠯᠢᠬᠵᠢᠭᠤᠯᠤᠭᠰᠠᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠵᠠᠳᠠᠯᠤᠨ ᠳ᠋ᠦᠩᠨᠡᠬᠦ ᠶᠢᠨ ᠬᠠᠮᠲᠤ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠦᠵᠡᠮᠵᠢ ᠶᠢᠨ ᠣᠷᠣᠨ ᠤ ᠪᠠᠶᠢᠳᠠᠯ ᠲᠠᠢ ᠤᠶᠠᠯᠳᠤᠭᠤᠯᠵᠤ᠂ ᠥᠯᠵᠡᠶᠢᠲᠦ ᠡᠳᠦᠷ ᠤᠨ ᠪᠠᠶᠠᠷ ᠵᠢᠴᠢ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠨᠠᠷᠢᠨ ᠨᠢᠭᠲᠠ ᠪᠠᠶᠢᠷᠢᠯᠠᠭᠤᠯᠬᠤ ᠶᠢᠨ ᠬᠠᠮᠲᠤ ᠠᠯᠢ ᠤᠯᠠᠨ ᠱᠠᠭᠠᠷᠳᠠᠯᠭ᠎ᠠ ᠳᠤᠷᠠᠳᠴᠠᠢ᠃
     ᠡᠩ ᠲᠡᠷᠢᠭᠦᠨ ᠳᠤ᠂ ᠵᠠᠩ ᠬᠤᠩ ᠸᠠᠩ ᠡᠷᠬᠢᠯᠡᠭᠴᠢ ᠴᠢᠬᠤᠯᠠᠴᠢᠯᠠᠬᠤ ᠳᠠᠭᠠᠨ᠂ ᠪᠥᠬᠦ ᠺᠠᠳ᠋ᠷᠴᠤᠳ ᠠᠵᠢᠯ ᠤᠨ ᠪᠠᠶᠢᠷᠢ ᠳᠠᠭᠠᠨ ᠪᠤᠴᠠᠵᠤ ᠰᠡᠳᠬᠢᠯ ᠢᠶᠠᠨ ᠬᠤᠷᠢᠶᠠᠵᠤ᠂ ᠣᠶᠤᠨ ᠰᠠᠨᠠᠭᠠᠨ ᠤ ᠪᠠᠶᠢᠳᠠᠯ ᠢᠶᠠᠨ ᠰᠠᠶᠢᠲᠤᠷ ᠳᠣᠭᠢᠷᠠᠭᠤᠯᠤᠨ᠂ ᠠᠵᠢᠯ ᠤᠨ ᠳᠦᠷᠢ ᠪᠠ ᠪᠠᠶᠢᠳᠠᠯ ᠳᠠᠭᠠᠨ ᠲᠦᠷᠭᠡᠬᠡᠨ ᠣᠷᠣᠬᠤ ᠬᠡᠷᠡᠭᠲᠡᠶ᠃ ᠲᠡᠷᠡ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠶᠠᠭᠠᠷᠠᠯᠲᠠᠶ ᠠᠵᠢᠯ ᠢᠶᠠᠷ ᠳᠡᠮᠵᠢᠨ ᠣᠯᠠᠨ ᠤ ᠪᠡᠶ᠎ᠡ ᠰᠡᠳᠬᠢᠯ ᠶᠠᠳᠠᠷᠠᠵᠤ ᠵᠦᠳᠡᠷᠡᠵᠡᠶ᠂ ᠭᠡᠪᠡᠴᠦ ᠤᠳᠠᠯ ᠥᠬᠡᠶ ᠬᠦᠷᠴᠦ ᠢᠷᠡᠬᠦ ᠥᠯᠵᠡᠶᠢᠲᠦ ᠡᠳᠦᠷ ᠤᠨ ᠪᠠᠶᠠᠷ ᠪᠣᠯᠤᠨ ᠨᠠᠩ ᠣᠯᠠᠨ ᠠᠵᠢᠯ ᠤᠨ ᠡᠭᠦᠷᠭᠡ ᠶᠢᠨ ᠡᠮᠦᠨ᠎ᠡ ᠪᠢᠳᠡ ᠡᠷᠬᠡᠪᠰᠢ ᠠᠵᠢᠯ ᠤᠨ ᠪᠠᠶᠢᠳᠠᠯ ᠢᠶᠠᠨ ᠦᠳᠲᠡᠷ ᠲᠦᠷᠭᠡᠨ ᠰᠡᠷᠭᠦᠭᠡᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠡᠯ᠎ᠡ ᠵᠦᠢᠯ ᠤᠨ ᠠᠵᠢᠯ ᠳᠤ ᠣᠷᠣᠯᠴᠠᠬᠤ ᠬᠡᠷᠡᠭᠲᠡᠶ᠃ ᠭᠠᠭᠴᠠ ᠬᠦ ᠤᠶᠤᠨ ᠰᠠᠨᠠᠭᠠᠨ ᠤ ᠰᠠᠶᠢᠨ ᠰᠠᠶᠢᠬᠠᠨ ᠪᠠᠶᠢᠳᠠᠯ ᠢ ᠪᠠᠲᠤᠯᠠᠪᠠᠯ ᠰᠠᠶ᠋ᠢ ᠡᠯ᠎ᠡ ᠵᠦᠢᠯ ᠤᠨ ᠥᠷᠢᠰᠥᠯᠳᠦᠭᠡᠨ ᠪᠠ ᠠᠰᠠᠭᠤᠳᠠᠯ ᠢ ᠨᠡᠩ ᠰᠠᠶᠢᠲᠤᠷ ᠠᠷᠭᠠᠴᠠᠭᠠᠵᠤ ᠴᠢᠳᠠᠨ᠎ᠠ᠃      ᠳᠠᠷᠠᠭ᠎ᠠ ᠳᠤᠨᠢ᠂ ᠵᠠᠩ ᠬᠤᠩ ᠸᠠᠩ ᠡᠷᠬᠢᠯᠡᠭᠴᠢ ᠪᠦᠬᠦ ᠺᠠᠳ᠋ᠷᠴᠤᠳ ᠢ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠴᠠᠭ ᠬᠤᠭᠤᠴᠠᠭᠠᠨ ᠤ ᠪᠠᠴᠢᠮ ᠲᠤᠯᠭᠠᠮ᠎ᠠ ᠴᠢᠨᠠᠷ ᠪᠠ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ᠃ ᠥᠯᠵᠡᠶᠢᠲᠦ ᠡᠳᠦᠷ ᠤᠨ ᠪᠠᠶᠠᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠴᠢᠬᠤᠯᠠ ᠪᠠᠶᠠᠷ ᠤᠨ ᠡᠳᠦᠷ ᠤᠨ ᠨᠢᠭᠡ ᠮᠥᠨ᠂ ᠶᠡᠭᠡ ᠬᠡᠮᠵᠢᠶᠡᠨ ᠤ ᠬᠤᠲᠠ ᠶᠢᠨ ᠠᠷᠠᠳ ᠵᠤᠭᠠᠴᠠᠭᠰᠠᠳ ᠦᠵᠡᠮᠵᠢ ᠶᠢᠨ ᠣᠷᠣᠨ ᠳᠤ ᠣᠷᠣᠵᠤ ᠢᠷᠡᠬᠦ ᠪᠣᠯᠤᠨ᠎ᠠ᠂ ᠡᠶᠢᠮᠦ ᠠᠴᠠ ᠪᠢᠳᠡ ᠡᠷᠬᠡᠪᠰᠢ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠴᠡᠪᠡᠷ ᠲᠡᠭᠰᠢ᠂ ᠬᠤᠲᠠ ᠶᠢᠨ ᠳᠦᠷᠰᠦ ᠪᠠᠶᠢᠳᠠᠯ ᠰᠠᠶᠢᠨ᠂ ᠡᠮᠬᠢ ᠵᠢᠷᠤᠮ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠠᠵᠢᠯ ᠴᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠪᠢᠳᠡ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠤᠭᠠᠴᠠᠭᠰᠠᠳ ᠤᠨ ᠠᠮᠤᠷ ᠲᠦᠪᠰᠢᠨ ᠪᠠ ᠲᠠᠭᠠᠯᠠᠮᠵᠢ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠢ᠃      ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠵᠠᠩ ᠬᠤᠩ ᠸᠠᠩ ᠡᠷᠬᠢᠯᠡᠭᠴᠢ ᠳᠣᠣᠷᠠᠬᠢ ᠮᠡᠲᠦ ᠪᠣᠳᠠᠲᠠᠢ ᠱᠠᠭᠠᠷᠳᠠᠯᠭ᠎ᠠ ᠶᠢ ᠳᠤᠷᠠᠳᠴᠠᠢ᠄ ᠨᠢᠭᠡ ᠳᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠬᠤᠶᠠᠷ ᠲᠤ ᠬᠠᠷᠠᠯᠲᠠ ᠪᠠᠨ ᠲᠣᠳᠣᠷᠬᠠᠶ ᠪᠣᠯᠭᠠᠵᠤ᠂ ᠡᠭᠦᠷᠭᠡ ᠪᠠᠨ ᠵᠠᠳᠠᠯᠤᠨ᠎ᠠ᠃ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠦᠵᠡᠮᠵᠢ ᠶᠢᠨ ᠣᠷᠣᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠡᠮᠦᠨ᠎ᠡ᠂ ᠪᠢᠳᠡ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠲᠣᠭᠲᠠᠭᠠᠨ᠂ ᠬᠠᠷᠢᠭᠤᠴᠠᠯᠭ᠎ᠠ ᠡᠭᠦᠷᠭᠡᠯᠡᠭᠴᠢ᠂ ᠬᠠᠷᠢᠭᠤᠴᠠᠯᠭ᠎ᠠ ᠶᠢᠨ ᠣᠷᠣᠨ ᠪᠦᠰᠡ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ︔ ᠭᠤᠷᠪᠠ ᠳᠤ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ︔ ᠲᠦᠷᠪᠡ ᠳᠤ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠳᠤ ᠰᠠᠶᠢᠲᠤᠷ ᠲᠥᠯᠥᠪᠯᠡᠭᠡ ᠪᠠ ᠳ᠋ᠦᠩᠨᠡᠯᠲᠡ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠡᠷᠢᠨ ᠭᠠᠷᠭᠠᠵᠤ᠂ ᠨᠠᠷᠢᠨ ᠬᠢᠨᠠᠮᠠᠭᠠᠶ ᠬᠠᠷᠢᠭᠤᠴᠠᠬᠤ ᠣᠪᠣᠷ ᠢᠶᠠᠷ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠠᠮᠤᠭ ᠡᠴᠦᠰ ᠲᠤ᠂ ᠡᠷᠬᠢᠯᠡᠭᠴᠢ ᠵᠠᠩ ᠬᠤᠩ ᠸᠠᠩ ᠴᠢᠬᠤᠯᠠᠴᠢᠯᠠᠬᠤ ᠳᠠᠭᠠᠨ᠂ ᠪᠥᠬᠦ ᠺᠠᠳ᠋ᠷᠴᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠥᠯᠵᠡᠶᠢᠲᠦ ᠡᠳᠦᠷ ᠤᠨ ᠪᠠᠶᠠᠷ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠲᠡᠷᠡ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠦᠵᠡᠮᠵᠢ ᠶᠢᠨ ᠣᠷᠣᠨ ᠳᠤ ᠬᠥᠭᠵᠢᠨ ᠴᠡᠴᠡᠭᠯᠡᠭᠰᠡᠨ ᠥᠯᠵᠡᠶᠢᠲᠦ ᠡᠳᠦᠷ ᠤᠨ ᠪᠠᠶᠠᠷ ᠢ ᠤᠭᠲᠤᠵᠤ᠂ ᠵᠤᠭᠠᠴᠠᠭᠰᠠᠳ ᠲᠤ ᠨᠡᠩ ᠰᠠᠶᠢᠨ ᠵᠢᠭᠤᠯᠴᠢᠯᠠᠯ ᠤᠨ ᠥᠩᠭᠡᠷᠡᠯᠲᠡ ᠬᠠᠩᠭᠠᠬᠤ ᠶᠢ ᠢᠲᠡᠭᠡᠵᠦ ᠪᠠᠶᠢᠨ᠎ᠠ᠃      ᠲᠣᠰ ᠤᠳᠠᠭᠠᠨ ᠤ ᠬᠤᠷᠠᠯ ᠢᠶᠠᠷ ᠳᠡᠮᠵᠢᠨ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠠᠴᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠥᠯᠵᠡᠶᠢᠲᠦ ᠡᠳᠦᠷ ᠤᠨ ᠪᠠᠶᠠᠷ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠪᠥᠬᠦ ᠺᠠᠳ᠋ᠷᠴᠤᠳ ᠡᠭᠦᠨ ᠢᠶᠠᠷ ᠵᠢᠯᠣᠭᠤᠳᠣᠯᠭ᠎ᠠ ᠪᠣᠯᠭᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠦᠵᠡᠮᠵᠢ ᠶᠢᠨ ᠣᠷᠣᠨ ᠤ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠨᠠᠷᠢᠯᠢᠬᠵᠢᠭᠤᠯᠬᠤ᠂ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠲᠤ ᠨᠠᠩ ᠰᠢᠯᠢᠳᠡᠭ ᠵᠢᠭᠤᠯᠴᠢᠯᠠᠯ ᠤᠨ ᠦᠢᠯᠡᠴᠢᠯᠡᠭᠡ ᠬᠠᠩᠭᠠᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号