ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ᠄ ᠴᠠᠭᠠᠨ ᠰᠠᠷ᠎ᠠ ᠶᠢᠨ ᠬᠤᠭᠤᠴᠠᠭᠠᠨ ᠳᠤ ᠴᠠᠰᠤ ᠣᠷᠣᠵᠤ ᠰᠢᠨ᠎ᠡ ᠵᠢᠯ ᠤᠨ ᠦᠨᠦᠷ ᠠᠮᠲᠠ ᠶᠢ ᠨᠡᠮᠡᠭᠳᠡᠭᠦᠯᠵᠦ᠂ ᠬᠤᠲᠠ ᠶᠢᠨ ᠬᠠᠮᠢᠶᠠᠷᠤᠯᠲᠠ ᠴᠠᠰᠤ ᠶᠢ ᠴᠡᠪᠡᠷᠰᠢᠭᠦᠯᠵᠦ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/2/22
     2024 ᠣᠨ ᠤ 2 ᠳ᠋ᠤᠭᠠᠷ ᠰᠠᠷ᠎ᠠ ᠶᠢᠨ 20 ᠤ ᠡᠳᠦᠷ᠂ ᠬᠥᠬᠡᠬᠤᠲᠠ ᠳᠤ ᠡᠨᠡ ᠵᠢᠯ ᠤᠨ ᠬᠤᠶᠠᠳᠠᠬᠢ ᠤᠳᠠᠭᠠᠨ ᠤ ᠶᠡᠭᠡ ᠴᠠᠰᠤ ᠣᠷᠣᠵᠤ᠂ ᠢᠦᠢ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ︽ᠴᠠᠰᠤ ᠪᠠᠷ ᠵᠠᠷᠯᠢᠭ ᠪᠣᠯᠭᠠᠵᠤ︾᠂ ᠵᠡᠭᠡᠯᠢ ᠳᠠᠭᠠᠤ ᠶᠢᠨ ︽ᠡᠭᠦᠳᠡᠨ ᠤ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠤᠳᠠᠯᠳᠤᠭᠠᠴᠢᠨ ︽ᠴᠠᠰᠤ ᠶᠢ ᠰᠣᠨᠣᠰᠤᠮᠠᠭᠴᠠ ᠬᠥᠳᠡᠯᠵᠦ︾᠂ ᠡᠬᠢᠨ ᠤ ᠵᠢᠯ ᠤᠨ ᠰᠡᠳᠬᠢᠯ ᠢ ᠳᠤᠯᠠᠭᠠᠴᠠᠭᠤᠯᠬᠤ ᠵᠢᠷᠤᠭ ᠢ ᠬᠠᠮᠲᠤ ᠪᠠᠷ ᠵᠢᠷᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠳᠤ ᠬᠦᠴᠦ ᠨᠡᠮᠡᠷᠢᠯᠡᠪᠡ᠃
     ᠴᠠᠰᠤ ᠣᠷᠣᠬᠤ ᠦᠶ᠎ᠡ ᠳᠤ᠂ ᠯᠠᠪᠰᠠᠯᠠᠵᠤ ᠪᠠᠶᠢᠭ᠎ᠠ ᠴᠠᠰᠤ ᠨᠢ ᠯᠣᠣ ᠵᠢᠯ ᠤᠨ ᠴᠠᠭᠠᠨ ᠰᠠᠷ᠎ᠠ ᠳᠤ ᠡᠳᠦᠶ ᠲᠡᠳᠦᠶ ︽ᠴᠠᠭᠠᠨ ᠰᠠᠷ᠎ᠠ ᠶᠢᠨ ᠦᠨᠦᠷ ᠠᠮᠲᠠ︾ ᠶᠢ ᠨᠡᠮᠡᠷᠢᠯᠡᠭᠰᠡᠨ ᠪᠠᠶᠢᠨ᠎ᠠ᠃ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠴᠠᠰᠤ ᠮᠥᠰᠥ ᠶᠢ ᠠᠷᠢᠯᠭᠠᠵᠤ᠂ ᠣᠯᠠᠨ ᠲᠦᠮᠡᠨ ᠤ ᠠᠮᠤᠷ ᠲᠦᠪᠰᠢᠨ ᠢ ᠳᠡᠮᠵᠢᠬᠦ︾ ᠣᠶᠢᠯᠠᠭᠠᠭᠳᠠᠬᠤᠨ ᠢ ᠪᠠᠷᠢᠮᠲᠠᠯᠠᠨ᠂ ᠶᠡᠭᠡ ᠵᠣᠣ ᠲᠠᠯᠠᠪᠠᠶ᠂ ᠰᠤᠷᠭᠠᠭᠤᠯᠢ ᠶᠢᠨ ᠡᠷᠬᠢᠨ ᠲᠣᠭᠤᠷᠢᠨ᠂ ᠡᠮᠨᠡᠯᠭᠡ ᠶᠢᠨ ᠬᠤᠷᠢᠶ᠎ᠠ ᠶᠢᠨ ᠡᠷᠬᠢᠨ ᠲᠣᠭᠤᠷᠢᠨ ᠤ ᠵᠠᠮ ᠵᠢᠴᠢ ᠲᠤᠭᠤᠨᠤᠯᠵᠢᠨ ᠵᠠᠮ ᠵᠡᠷᠭᠡ ᠵᠠᠩᠭᠢᠯᠠᠭ᠎ᠠ ᠶᠢᠨ ᠴᠡᠭ ᠢᠶᠠᠷ ᠭᠤᠤᠯᠳᠠᠯᠭ᠎ᠠ ᠪᠣᠯᠭᠠᠵᠤ᠂ ᠬᠤᠷᠠᠭᠰᠠᠨ ᠴᠠᠰᠤ ᠶᠢ ᠴᠡᠪᠡᠷᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠤᠤᠯᠳᠠᠯᠭ᠎ᠠ ᠲᠠᠢ ᠬᠡᠰᠡᠭ ᠤᠨ ᠬᠡᠪ ᠤᠨ ᠡᠮᠬᠢ ᠵᠢᠷᠤᠮ ᠢ ᠪᠠᠲᠤᠯᠠᠬᠤ ᠶᠢᠨ ᠬᠠᠮᠲᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠳᠠᠶᠢᠴᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠨᠡᠶᠢᠲᠡ ᠶᠢᠨ ᠰᠦᠢᠳᠭᠡᠯ ᠬᠤᠷᠢᠶᠠᠬᠤ ᠲᠡᠷᠭᠡᠨ ᠵᠣᠭᠰᠣᠭᠠᠯ ᠤᠨ ᠡᠵᠡᠩᠨᠡᠯᠲᠡ ᠶᠢᠨ ᠨᠢᠭᠡᠴᠢ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠤᠳᠠᠯᠳᠤᠭᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠬᠤᠷᠠᠭᠰᠠᠨ ᠴᠠᠰᠤ ᠶᠢ ᠴᠡᠪᠡᠷᠯᠡᠭᠦᠯᠪᠡ᠃
     ᠤᠢᠢᠷ᠎ᠠ ᠶᠢᠨ ᠵᠢᠯ ᠠᠴᠠ᠂ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠵᠢᠱᠢᠶ᠎ᠡ ᠦᠵᠡᠭᠦᠯᠦᠨ ᠲᠠᠶᠢᠴᠢᠯᠠᠬᠤ᠂ ᠤᠯᠠᠨ ᠲᠦᠮᠡᠨ ᠳᠤ ᠲᠦᠰᠢᠭᠯᠡᠬᠦ ᠵᠠᠷᠴᠢᠮ ᠢ ᠪᠠᠷᠢᠮᠲᠠᠯᠠᠵᠤ᠂ ︽ᠴᠠᠰᠤ ᠪᠠᠷ ᠵᠠᠷᠯᠢᠭ ᠪᠣᠯᠭᠠᠬᠤ︾ ᠶᠢ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠤᠨ ᠦᠢᠯᠡᠴᠢᠯᠡᠭᠡᠨ ᠤ ᠣᠶᠢᠯᠠᠭᠠᠭᠳᠠᠬᠤᠨ ᠳᠤ ᠠᠭᠤᠰᠬᠠᠵᠤ᠂ ᠴᠠᠰᠤ ᠣᠷᠣᠬᠤ ᠪᠣᠯᠭᠠᠨ ᠰᠠᠨᠠᠭᠠᠴᠢᠯᠠᠭ᠎ᠠ ᠠᠴᠠ ᠪᠠᠨ ᠴᠠᠰᠤ ᠠᠷᠢᠯᠭᠠᠬᠤ ᠠᠵᠢᠯᠯᠠᠭ᠎ᠠ ᠥᠷᠨᠢᠭᠦᠯᠵᠡᠢ᠃ ᠳᠠᠶᠢᠴᠢᠯᠠᠵᠤ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ︽ᠴᠠᠰᠤ ᠶᠢ ᠰᠣᠨᠣᠰᠤᠮᠠᠭᠴᠠ ᠬᠥᠳᠡᠯᠬᠦ︾ ᠦᠵᠡᠯ ᠤᠬᠠᠮᠰᠠᠷ ᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭᠠᠲᠤ ᠬᠤᠳᠠᠯᠳᠤᠭᠠᠴᠢᠨ ᠡᠷᠦᠬᠡ ᠶᠢᠨ ᠦᠵᠡᠯ ᠰᠠᠨᠠᠭᠠᠨ ᠳᠤ ᠭᠦᠨ ᠦᠨᠳᠦᠰᠦᠯᠡᠭᠦᠯᠵᠦ᠂ ᠬᠤᠲᠠ ᠶᠢᠨ ᠬᠠᠮᠢᠶᠠᠷᠤᠯᠲᠠ ᠪᠣᠯᠤᠨ ᠬᠤᠳᠠᠯᠳᠤᠭᠠᠴᠢᠨ ᠡᠷᠦᠬᠡ ᠬᠠᠷᠢᠯᠴᠠᠨ ᠬᠥᠳᠡᠯᠦᠯᠴᠡᠬᠦ᠂ ᠺᠠᠳ᠋ᠷ ᠪᠣᠯᠤᠨ ᠣᠯᠠᠨ ᠲᠦᠮᠡᠨ ᠬᠠᠷᠢᠯᠴᠠᠨ ᠬᠠᠪᠰᠤᠷᠤᠯᠴᠠᠬᠤ᠂ ᠴᠠᠰᠤ ᠮᠥᠰᠥ ᠶᠢ ᠠᠷᠢᠯᠭᠠᠬᠤ ᠠᠵᠢᠯ ᠢ ᠬᠠᠮᠲᠤ ᠪᠠᠷ ᠬᠢᠬᠦ ᠰᠠᠶᠢᠨ ᠵᠠᠭᠪᠤᠷ ᠢ ᠠᠯᠬᠤᠮ ᠠᠯᠬᠤᠮ ᠢᠶᠠᠷ ᠪᠤᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠶᠢ ᠤᠯᠠᠨ ᠲᠦᠮᠡᠨ ᠳᠤ ᠦᠢᠯᠡᠴᠢᠯᠡᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠨᠡᠩ ᠴᠡᠪᠡᠷ ᠴᠡᠮᠴᠡᠭᠡᠷ᠂ ᠪᠣᠯᠪᠠᠰᠤᠨ᠂ ᠡᠶ᠎ᠡ ᠵᠣᠬᠢᠴᠠᠩᠭᠤᠢ ᠣᠷᠴᠢᠨ ᠲᠣᠭᠤᠷᠢᠨ ᠤ ᠡᠮᠬᠢ ᠳᠢᠭᠯᠢᠮ ᠢ ᠴᠢᠷᠮᠠᠶᠢᠨ ᠪᠠᠶᠢᠭᠤᠯᠵᠤ᠂ ᠠᠷᠠᠳ ᠤᠯᠠᠨ ᠳᠤ ᠣᠷᠴᠢᠨ ᠲᠣᠭᠤᠷᠢᠨ ᠰᠠᠶᠢᠵᠢᠷᠠᠭᠰᠠᠨ ᠠᠴᠠ ᠪᠣᠯᠤᠭᠰᠠᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠭᠦᠢᠴᠡᠳ ᠮᠡᠳᠡᠷᠡᠭᠦᠯᠦᠨ᠎ᠡ᠃
              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号