ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠬᠥᠮᠦᠨ ᠪᠠ ᠮᠠᠰᠢᠨ ᠵᠡᠷᠭᠡᠪᠡᠷ ᠠᠵᠢᠯᠯᠠᠵᠤ ᠴᠠᠰᠤ ᠠᠷᠢᠯᠭᠠᠬᠤ ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2024/2/22
     ᠬᠥᠬᠡᠬᠤᠲᠠ ᠳᠤ ᠳᠠᠬᠢᠨᠲᠠ ᠴᠠᠰᠤ ᠣᠷᠣᠵᠤ᠂ ᠵᠢᠱᠢᠯᠲᠡ ᠪᠠᠷ ᠡᠨᠡ ᠤᠳᠠᠭ᠎ᠠ ᠶᠢᠨ ᠴᠠᠰᠤ 20 ᠤ ᠡᠳᠦᠷ ᠠᠴᠠ 24 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ 2 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ︽ᠴᠠᠰᠤ︾ ᠪᠠᠷ ᠵᠠᠷᠯᠢᠭ ᠪᠣᠯᠭᠠᠵᠤ᠂ ︽ᠴᠠᠰᠤ︾ ᠶᠢ ᠰᠣᠨᠣᠰᠤᠮᠠᠭᠴᠠ ᠬᠦᠳᠡᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠨ ᠬᠡᠷᠡᠭᠵᠢᠭᠦᠯᠵᠦ᠂ ᠬᠥᠮᠦᠨ ᠪᠠ ᠲᠡᠷᠭᠡ ᠬᠥᠰᠬᠡ ᠶᠢ ᠵᠣᠬᠢᠶᠠᠨ ᠪᠠᠶᠢᠭᠤᠯᠤᠨ ᠪᠦᠲᠦᠮᠵᠢᠲᠡᠶ ᠠᠷᠭᠠᠴᠠᠭᠠᠵᠤ᠂ ᠪᠥᠬᠦ ᠬᠦᠴᠦᠨ ᠢᠶᠠᠷ ᠢᠶᠠᠨ ᠮᠥᠰᠥ ᠴᠠᠰᠤ ᠶᠢ ᠠᠷᠢᠯᠭᠠᠵᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠨ᠂ ᠠᠮᠤᠷ ᠲᠦᠪᠰᠢᠨ ᠢ ᠪᠠᠲᠤᠯᠠᠪᠠ᠃
     19 ᠤ ᠡᠳᠦᠷ ᠤᠨ ᠦᠳᠡ ᠶᠢᠨ ᠬᠤᠶᠢᠨᠠᠬᠢ 17 ᠴᠠᠭ ᠤᠨ ᠦᠶ᠎ᠡ ᠪᠠᠷ᠂ ᠡᠯ᠎ᠡ ᠠᠵᠢᠯ ᠤᠨ ᠺᠣᠮᠫᠠᠨᠢ ᠶᠢᠨ ᠬᠢᠨ ᠴᠠᠰᠤ ᠮᠥᠰᠥ ᠠᠷᠢᠯᠭᠠᠬᠤ ᠮᠠᠰᠢᠨ ᠲᠥᠬᠦᠭᠡᠷᠦᠮᠵᠢ ᠪᠣᠯᠤᠨ ᠮᠠᠰᠢᠨ ᠪᠠᠭᠠᠵᠢ ᠪᠠᠨ ᠲᠤᠬᠢᠷᠠᠭᠤᠯᠤᠨ ᠲᠤᠷᠰᠢᠵᠤ ᠳᠠᠭᠤᠰᠬᠠᠭᠠᠳ ᠲᠣᠭᠲᠠᠭᠰᠠᠨ ᠠᠵᠢᠯ ᠤᠨ ᠭᠠᠵᠠᠷ ᠲᠤ ᠬᠦᠷᠴᠦ᠂ ᠴᠠᠰᠤ ᠠᠷᠢᠯᠭᠠᠬᠤ ᠮᠠᠰᠢᠨ ᠲᠡᠷᠭᠡ ᠶᠢ ᠵᠠᠮ ᠤᠨ ᠠᠭᠤᠯᠵᠠᠷ ᠲᠤ ᠲᠠᠯᠪᠢᠵᠤ ᠵᠠᠷᠯᠢᠭ ᠬᠦᠯᠢᠶᠡᠪᠡ᠂ ᠵᠢᠵᠢᠭ ᠬᠡᠯᠪᠡᠷᠢ ᠶᠢᠨ ᠮᠠᠰᠢᠨ ᠪᠠᠭᠠᠵᠢ ᠶᠢ ᠡᠯ᠎ᠡ ᠵᠠᠮ ᠤᠨ ᠬᠡᠰᠡᠭ ᠤᠨ ᠶᠠᠪᠠᠭᠠᠨ ᠬᠥᠮᠦᠨ ᠤ ᠵᠠᠮ᠂ ᠮᠠᠰᠢᠨᠲᠤ ᠪᠤᠰᠤ ᠲᠡᠷᠭᠡᠨ ᠤ ᠵᠠᠮ ᠳᠤ ᠲᠠᠯᠪᠢᠵᠤ᠂ ᠪᠥᠬᠦ ᠵᠢᠯᠣᠭᠤᠴᠢ ᠨᠠᠷ ᠪᠠᠬᠢᠯᠡᠯᠲᠡ ᠪᠠᠨ ᠴᠢᠩᠭ᠎ᠠ ᠰᠠᠬᠢᠵᠤ ᠠᠵᠢᠯᠯᠠᠬᠤ ᠳᠤ ᠪᠡᠯᠡᠬᠡᠨ ᠪᠤᠯᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠲᠤ 150 ᠲᠣᠨ ᠴᠠᠰᠤ ᠬᠠᠶᠢᠯᠤᠭᠤᠯᠤᠭᠴᠢ ᠡᠳ᠋ ᠬᠠᠳᠠᠭᠠᠯᠠᠵᠤ᠂ ᠲᠤᠭ᠎ᠠ ᠬᠡᠮᠵᠢᠶ᠎ᠡ ᠨᠢ ᠭᠦᠢᠴᠡᠳ ᠪᠠᠶᠢᠵᠤ᠂ ᠲᠤᠰ ᠡᠭᠡᠯᠵᠢ ᠶᠢᠨ ᠴᠠᠰᠤ ᠠᠷᠢᠯᠭᠠᠬᠤ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠦᠨ᠎ᠡ᠃
     20 ᠤ ᠡᠳᠦᠷ᠂ ᠭᠤᠤᠯ ᠪᠠ ᠳᠡᠳ᠋ ᠵᠠᠮ ᠳᠤ ᠲᠣᠮᠣ ᠬᠡᠯᠪᠡᠷᠢ ᠶᠢᠨ ᠴᠠᠰᠤ ᠥᠩᠬᠦᠷᠢᠭᠦᠯᠬᠦ ᠲᠡᠷᠭᠡ ᠪᠠᠷ ᠴᠡᠪᠡᠷᠯᠡᠬᠦ ᠪᠠᠷ ᠭᠤᠤᠯ ᠪᠣᠯᠭᠠᠵᠤ᠂ ᠴᠠᠰᠤ ᠤᠷᠤᠭᠰᠠᠨ ᠤ ᠳᠠᠷᠠᠭ᠎ᠠ ᠬᠠᠮᠤᠭ ᠤᠨ ᠲᠡᠷᠢᠭᠦᠨ ᠳᠤ ᠬᠤᠲᠠ ᠶᠢᠨ ᠨᠢᠭᠡᠳᠦᠭᠡᠷ ᠳᠡᠰ ᠤᠨ ᠵᠠᠮ ᠢ ᠨᠡᠪᠲᠡᠷᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠬᠡᠪ ᠤᠨ ᠠᠵᠢᠯᠯᠠᠭ᠎ᠠ ᠶᠢ ᠪᠠᠲᠤᠯᠠᠪᠠ︔ ᠵᠢᠵᠢᠭ ᠬᠡᠯᠪᠡᠷᠢ ᠶᠢᠨ ᠮᠠᠰᠢᠨ ᠪᠠᠭᠠᠵᠢ ᠪᠠᠷ ᠮᠠᠰᠢᠨᠲᠤ ᠪᠤᠰᠤ ᠲᠡᠷᠭᠡᠨ ᠤ ᠵᠠᠮ ᠤᠨ ᠬᠤᠷᠠᠭᠰᠠᠨ ᠴᠠᠰᠤ ᠶᠢ ᠴᠡᠪᠡᠷᠯᠡᠬᠦ ᠪᠠ ᠬᠥᠮᠦᠨ ᠤ ᠬᠦᠴᠦ ᠪᠠᠷ  ᠴᠠᠰᠤ ᠴᠡᠪᠡᠷᠯᠡᠬᠦ ᠬᠠᠪᠲᠠᠰᠤ ᠪᠠᠷ ᠶᠠᠪᠠᠭᠠᠨ ᠬᠥᠮᠦᠨ ᠤ ᠵᠠᠮ ᠤᠨ ᠬᠤᠷᠠᠭᠰᠠᠨ ᠴᠠᠰᠤ ᠶᠢ ᠴᠡᠪᠡᠷᠯᠡᠬᠦ ᠶᠢ ᠬᠠᠷᠢᠯᠴᠠᠨ ᠬᠠᠮᠵᠢᠯᠴᠠᠭᠤᠯᠤᠨ ᠠᠵᠢᠯᠯᠠᠬᠤ ᠶᠢᠨ ᠬᠠᠮᠲᠤ ᠴᠠᠰᠤ ᠬᠠᠶᠢᠯᠤᠭᠤᠯᠤᠭᠴᠢ ᠡᠳ᠋ ᠥᠬᠡᠶ ᠬᠤᠷᠠᠭᠰᠠᠨ ᠴᠠᠰᠤ ᠶᠢ ᠣᠶᠢᠷ᠎ᠠ ᠬᠠᠪᠢ ᠳᠤᠨᠢ ᠮᠣᠳᠣᠨ ᠨᠦᠬᠡ ᠪᠤᠶᠤ ᠨᠣᠭᠤᠭᠠᠷᠠᠭᠤᠯᠤᠯᠲᠠ ᠶᠢᠨ ᠪᠦᠰᠡᠨ ᠳᠤ ᠴᠡᠪᠡᠷᠯᠡᠨ ᠤᠷᠤᠭᠤᠯᠪᠠ᠃ 20 ᠤ ᠡᠳᠦᠷ ᠤᠨ ᠰᠥᠨᠢ ᠶᠢᠨ ᠵᠢᠱᠢᠯᠲᠡ ᠪᠠᠷ ᠴᠠᠰᠤ ᠣᠷᠣᠬᠤ ᠲᠠᠰ ᠨᠢ ᠳᠤᠮᠳᠠ ᠵᠡᠷᠭᠡ ᠶᠢᠨ ᠴᠠᠰᠤ ᠪᠣᠯᠤᠨ᠎ᠠ᠂ ᠡᠯ᠎ᠡ ᠠᠵᠢᠯ ᠤᠨ ᠺᠣᠮᠫᠠᠨᠢ ᠶᠢᠨ ᠬᠢᠨ ᠴᠢᠬᠤᠯᠠ ᠵᠠᠮ ᠪᠠ ᠵᠠᠩᠭᠢᠯᠠᠭ᠎ᠠ ᠶᠢᠨ ᠴᠡᠭ ᠢ ᠭᠤᠤᠯᠳᠠᠯᠭ᠎ᠠ ᠲᠠᠢ ᠴᠡᠪᠡᠷᠯᠡᠵᠦ᠂ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠰᠠᠭᠠᠳ ᠥᠬᠡᠶ ᠠᠶᠠᠯᠠᠬᠤ ᠶᠢ ᠪᠠᠲᠤᠯᠠᠵᠤ ᠪᠣᠶ᠃
     ᠴᠠᠰᠤ ᠤᠷᠤᠭᠰᠠᠨ ᠤ ᠳᠠᠷᠠᠭ᠎ᠠ᠂ ᠵᠢᠵᠢᠭ ᠬᠡᠯᠪᠡᠷᠢ ᠶᠢᠨ ᠮᠠᠰᠢᠨ ᠪᠠᠭᠠᠵᠢ ᠶᠢ ᠠᠰᠢᠭᠯᠠᠨ ᠶᠠᠪᠠᠭᠠᠨ ᠬᠥᠮᠦᠨ ᠤ ᠵᠠᠮ ᠪᠠ ᠮᠠᠰᠢᠨᠲᠤ ᠪᠤᠰᠤ ᠲᠡᠷᠭᠡᠨ ᠤ ᠵᠠᠮ ᠤᠨ ᠬᠤᠷᠠᠭᠰᠠᠨ ᠴᠠᠰᠤ ᠶᠢ ᠪᠥᠬᠦ ᠬᠦᠴᠦᠨ ᠢᠶᠠᠷ ᠢᠶᠠᠨ ᠴᠡᠪᠡᠷᠯᠡᠪᠡ᠃ ᠡᠭᠦᠨ ᠤ ᠵᠡᠷᠭᠡ ᠳᠤ᠂ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠵᠠᠮ ᠳᠡᠭᠡᠷ᠎ᠡ ᠣᠪᠣᠭᠠᠯᠠᠨ ᠲᠠᠯᠪᠢᠭᠰᠠᠨ ᠬᠤᠷᠠᠭᠰᠠᠨ ᠴᠠᠰᠤ ᠶᠢ ᠴᠠᠭ ᠲᠤᠬᠠᠶ ᠳᠤᠨᠢ ᠭᠠᠳᠠᠭᠰᠢ ᠵᠦᠭᠡᠭᠡᠪᠦᠷᠢᠯᠡᠵᠦ᠂ ᠨᠡᠯᠢᠶᠡᠳ ᠲᠥᠪᠯᠡᠷᠡᠭᠰᠡᠨ᠂ ᠣᠪᠣᠭᠠᠯᠠᠭᠰᠠᠨ ᠬᠡᠮᠵᠢᠶ᠎ᠡ ᠪᠠᠷ ᠶᠡᠭᠡ ᠬᠤᠷᠠᠭᠰᠠᠨ ᠴᠠᠰᠤ ᠶᠢ ᠴᠠᠰᠤ ᠰᠢᠳᠡᠬᠦ ᠮᠠᠰᠢᠨ ᠢᠶᠠᠷ ᠴᠠᠭ ᠲᠤᠬᠠᠶ ᠳᠤᠨᠢ ᠭᠠᠳᠠᠭᠰᠢ ᠵᠥᠭᠡᠭᠡᠪᠦᠷᠢᠯᠡᠵᠦ᠂ ᠬᠠᠮᠤᠭ ᠤᠨ ᠲᠦᠷᠭᠡᠨ ᠬᠤᠷᠳᠤᠴᠠ ᠪᠠᠷ ᠬᠤᠲᠠ ᠶᠢᠨ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠠᠩᠭᠢ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ ᠤᠨ ᠬᠤᠪᠢᠷᠠᠯᠲᠠ ᠶᠢ ᠦᠷᠭᠦᠯᠵᠢᠯᠡᠨ ᠠᠩᠬᠠᠷᠴᠤ᠂ ᠴᠠᠰᠤ ᠰᠢᠭᠤᠷᠭᠠᠨ ᠤ ᠪᠠᠶᠢᠳᠠᠯ ᠢ ᠴᠢᠩᠭ᠎ᠠ ᠠᠩᠬᠠᠷᠴᠤ᠂ ᠦᠷᠭᠦᠯᠵᠢᠯᠡᠨ ︽ᠮᠠᠰᠢᠨ ᠢᠶᠠᠷ ᠭᠤᠣᠯ ᠪᠣᠯᠭᠠᠬᠤ + ᠬᠥᠮᠦᠨ ᠤ ᠬᠦᠴᠦ ᠪᠠᠷ ᠬᠠᠪᠰᠤᠷᠤᠮᠵᠢ ᠪᠣᠯᠭᠠᠬᠤ︾ ᠶᠢ ᠤᠶᠠᠯᠳᠤᠭᠤᠯᠤᠭᠰᠠᠨ ᠠᠵᠢᠯᠯᠠᠭᠠᠨ ᠤ ᠵᠠᠭᠪᠤᠷ ᠢ ᠬᠡᠷᠡᠭᠯᠡᠵᠦ᠂ ᠬᠠᠷᠢᠶ᠎ᠠ ᠲᠣᠭᠤᠷᠢᠭ ᠤᠨ ᠳᠣᠲᠣᠷᠠᠬᠢ ᠵᠠᠮ ᠤᠨ ᠬᠤᠷᠠᠭᠰᠠᠨ ᠴᠠᠰᠤ ᠶᠢ ᠲᠦᠢᠯᠪᠤᠷᠢᠲᠠᠢ ᠴᠡᠪᠡᠷᠯᠡᠵᠦ᠂ ᠬᠠᠷᠢᠶ᠎ᠠ ᠲᠣᠭᠤᠷᠢᠭ ᠤᠨ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠠᠮᠠᠭᠠᠯᠠᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号