ᠢᠦᠶ ᠴᠢᠤᠸᠠᠨ ᠲᠣᠭᠤᠷᠢᠭ᠄ ᠴᠠᠰᠤ ᠪᠠᠷ ᠵᠠᠷᠯᠢᠭ ᠪᠣᠯᠭᠠᠵᠤ᠂ ᠴᠠᠰᠤ ᠤᠷᠤᠮᠠᠭᠴᠠ ᠠᠷᠢᠯᠭᠠᠨ᠂ ᠴᠠᠰᠤ ᠵᠣᠭᠰᠣᠬᠤ ᠳᠤ ᠵᠠᠮ ᠴᠡᠪᠡᠷᠰᠢᠵᠦ᠂ ᠬᠥᠳᠡᠯᠦᠩᠭᠦᠶ ᠪᠠᠷ ︽ᠬᠥᠯᠳᠡᠬᠦ ᠶᠢ ᠵᠠᠰᠠᠨ᠎ᠠ︾
ᠨᠡᠶᠢᠲᠡᠯᠡᠭᠰᠡᠨ ᠴᠠᠭ᠄
2024/2/23
     ᠴᠠᠭᠠᠨ ᠰᠠᠷ᠎ᠠ ᠶᠢᠨ ᠡᠬᠢ ᠪᠠᠷ᠂ ᠢᠦᠢ ᠴᠢᠤᠸᠠᠨ ᠲᠣᠭᠤᠷᠢᠭ ᠲᠤ ᠦᠷᠭᠦᠯᠵᠢᠯᠡᠨ ᠴᠠᠰᠤ ᠣᠷᠣᠵᠤ᠂ ᠪᠦᠬᠦ ᠳᠡᠯᠡᠬᠡᠢ ᠮᠥᠩᠭᠦᠨ ᠴᠠᠭᠠᠨ ᠦᠩᠭᠡ ᠪᠠᠷ ᠬᠤᠴᠢᠭᠳᠠᠵᠤ᠂ ᠲᠦᠢᠯ ᠤᠨ ᠦᠵᠡᠰᠬᠦᠯᠡᠩ ᠰᠠᠶᠢᠬᠠᠨ ᠪᠣᠯᠪᠠ᠃ ᠥᠷᠭᠡᠨ ᠤᠯᠠᠨ ᠲᠦᠮᠡᠨ ᠳᠤ ᠭᠤᠶᠤ ᠰᠠᠶᠢᠬᠠᠨ ᠴᠠᠰᠤᠨ ᠦᠵᠡᠮᠵᠢ ᠶᠢ ᠠᠪᠴᠢᠷᠠᠬᠤ ᠶᠢᠨ ᠬᠠᠮᠲᠤ ᠦᠢᠯᠡᠳᠪᠦᠷᠢᠯᠡᠯ ᠠᠮᠢᠳᠤᠷᠠᠯ ᠳᠤ ᠴᠤ ᠮᠠᠰᠢ ᠤᠯᠠᠨ ᠳᠥᠭᠦᠮ ᠦᠭᠡᠢ ᠪᠠᠶᠢᠳᠠᠯ ᠢ ᠠᠪᠴᠢᠷᠠᠪᠠ᠃ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ︽ᠴᠠᠰᠤ ᠪᠠᠷ ᠵᠠᠷᠯᠢᠭ ᠪᠣᠯᠭᠠᠵᠤ᠂ ᠴᠠᠰᠤ ᠤᠷᠤᠮᠠᠭᠴᠠ ᠠᠷᠢᠯᠭᠠᠨ᠂ ᠴᠠᠰᠤ ᠵᠣᠭᠰᠣᠬᠤ ᠳᠤ ᠵᠠᠮ ᠴᠡᠪᠡᠷᠰᠢᠬᠦ︾ ᠱᠠᠭᠠᠷᠳᠠᠯᠭ᠎ᠠ ᠶᠣᠰᠣᠭᠠᠷ᠂ ᠴᠠᠰᠤ ᠠᠷᠢᠯᠭᠠᠬᠤ ᠪᠦᠷᠢᠶ᠎ᠡ ᠶᠢ ᠦᠳᠲᠡᠷ ᠲᠦᠷᠭᠡᠨ ᠬᠠᠩᠭᠢᠨᠠᠭᠤᠯᠪᠠ᠃ ᠪᠦᠬᠦ ᠲᠤᠭᠤᠷᠢᠭ ᠢᠶᠠᠷ ᠢᠶᠠᠨ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠬᠤᠳᠠ ᠬᠥᠳᠡᠭᠡ ᠶᠢᠨ ᠺᠠᠳ᠋ᠷ ᠤᠯᠠᠨ ᠲᠦᠮᠡᠨ ᠬᠠᠮᠲᠤᠪᠠᠷ ᠣᠷᠣᠯᠴᠠᠵᠤ᠂ ᠴᠠᠰᠤ ᠮᠥᠰᠥ ᠶᠢ ᠠᠷᠢᠯᠭᠠᠬᠤ ᠪᠣᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠪᠠ ᠬᠡᠪ ᠤᠨ ᠠᠵᠢᠯ ᠠᠮᠢᠳᠤᠷᠠᠯ ᠤᠨ ᠡᠮᠬᠢ ᠳᠢᠭᠯᠢᠮ ᠢ ᠬᠦᠴᠦᠲᠡᠶ ᠬᠠᠮᠠᠭᠠᠯᠠᠵᠤ᠂ ᠪᠥᠬᠦ ᠲᠤᠭᠤᠷᠢᠭ ᠲᠤ ᠪᠥᠬᠦ ᠠᠷᠠᠳ ᠢᠶᠠᠷ ᠢᠶᠠᠨ ᠴᠠᠰᠤ ᠶᠢ ᠴᠡᠪᠡᠷᠯᠡᠵᠦ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠠᠯᠠᠭᠤᠨ ᠥᠷᠨᠢᠯᠲᠡ ᠶᠢ ᠪᠣᠶ ᠪᠣᠯᠭᠠᠪᠠ᠃
     ᠴᠠᠰᠤ ᠱᠦᠭᠦᠷᠳᠡᠬᠦ ᠳᠤ ᠣᠷᠣᠯᠴᠠᠭᠰᠠᠨ ᠬᠥᠮᠦᠰ ᠤᠨ ᠳᠤᠮᠳᠠ᠂ ᠲᠤᠭᠤᠷᠢᠭ ᠲᠤ ᠰᠠᠭᠤᠭ᠎ᠠ ᠪᠣᠯᠪᠠᠰᠤᠨ ᠨᠢᠭᠡᠴᠢ ᠶᠢᠨ ᠺᠠᠳ᠋ᠷ ᠠᠵᠢᠯᠳᠠᠨ ᠠᠵᠢᠯᠴᠢᠨ ᠪᠣᠯᠤᠨ ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠪᠠᠷ᠎ᠠ ᠬᠠᠷᠠᠭᠳᠠᠨ᠎ᠠ᠂ ᠳᠡᠳᠡ ᠥᠪᠡᠷ ᠤᠨ ᠴᠠᠰᠤ ᠴᠡᠪᠡᠷᠯᠡᠬᠦ ᠪᠠᠭᠠᠵᠢ ᠪᠠᠨ ᠪᠠᠷᠢᠵᠤ᠂ ᠴᠠᠰᠤ ᠯᠠᠪᠰᠠᠯᠠᠵᠤ ᠪᠠᠶᠢᠭ᠎ᠠ ᠳᠤᠮᠳᠠ ᠵᠠᠷᠢᠮ ᠨᠢ ᠵᠠᠮ ᠴᠡᠪᠡᠷᠯᠡᠵᠦ᠂ ᠵᠠᠷᠢᠮ ᠨᠢ ᠬᠤᠷᠠᠭᠰᠠᠨ ᠴᠠᠰᠤ ᠶᠢ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠪᠠᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠬᠤᠷᠠᠭᠰᠠᠨ ᠴᠠᠰᠤ ᠶᠢ ᠱᠦᠭᠦᠷᠳᠡᠨ ᠴᠡᠪᠡᠷᠯᠡᠬᠦ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃ ᠣᠶᠢᠷ᠎ᠠ ᠶᠢᠨ ᠡᠳᠦᠷ ᠤᠳ ᠲᠤ᠂ ᠢᠦᠶ ᠴᠢᠤᠸᠠᠨ ᠲᠣᠭᠤᠷᠢᠭ ᠲᠤ ᠰᠠᠭᠤᠭ᠎ᠠ ᠡᠯ᠎ᠡ ᠱᠠᠲᠤᠨ ᠤ ᠪᠣᠯᠪᠠᠰᠤᠨ ᠨᠢᠭᠡᠴᠢ ᠨᠦᠭᠦᠳ ᠨᠡᠶᠢᠲᠡ 12 ᠴᠠᠰᠤ ᠠᠷᠢᠯᠭᠠᠬᠤ ᠮᠠᠰᠢᠨ ᠲᠡᠷᠭᠡ ᠬᠥᠳᠡᠯᠭᠡᠵᠦ᠂ ᠠᠵᠢᠯᠲᠠᠨ ᠠᠵᠢᠯᠴᠢᠨ ᠪᠠ ᠰᠠᠶᠢᠨ ᠳᠤᠷ᠎ᠠ ᠶᠢᠨ ᠠᠵᠢᠯᠯᠠᠭᠴᠢᠳ ᠢ ᠳᠠᠶᠢᠴᠢᠯᠠᠨ 500 ᠭᠠᠷᠤᠶ ᠬᠥᠮᠦᠨ ᠤᠳᠠᠭ᠎ᠠ ᠴᠠᠰᠤ ᠠᠷᠢᠯᠭᠠᠪᠠ᠃
     ᠠᠭᠤᠷ ᠠᠮᠢᠰᠬᠤᠯ ᠬᠠᠬᠢᠷ ᠬᠦᠢᠳᠡᠨ ᠪᠠᠶᠢᠭᠰᠠᠨ ᠴᠤ ᠤᠯᠠᠨ ᠢᠶᠠᠷ ᠢᠶᠠᠨ ᠡᠷᠴᠢ ᠵᠣᠷᠢᠭ ᠢᠶᠠᠨ ᠥᠴᠦᠬᠡᠨ ᠴᠦ ᠰᠤᠯᠠᠷᠠᠭᠤᠯᠤᠭᠰᠠᠨ ᠦᠭᠡᠢ᠂ ᠪᠦᠬᠦ ᠲᠤᠭᠤᠷᠢᠭ ᠤᠨ ᠳᠡᠭᠡᠷ᠎ᠡ ᠳᠣᠣᠷ᠎ᠠ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠢᠦᠢ ᠴᠢᠤᠸᠠᠨ ᠲᠣᠭᠤᠷᠢᠭ ᠤᠨ ᠭᠤᠣᠯ ᠵᠠᠮ ᠤᠨ ᠮᠥᠰᠥ ᠴᠠᠰᠤ ᠶᠢ ᠪᠦᠲᠦᠮᠵᠢᠲᠡᠢ ᠠᠷᠢᠯᠭᠠᠵᠤ᠂ ᠵᠠᠮ ᠤᠨ ᠪᠠᠶᠢᠳᠠᠯ ᠢ ᠶᠡᠭᠡ ᠪᠠᠷ ᠰᠠᠶᠢᠵᠢᠷᠠᠭᠤᠯᠵᠤ᠂ ᠶᠠᠪᠠᠭᠠᠨ ᠬᠥᠮᠦᠨ᠂ ᠮᠠᠰᠢᠨ ᠲᠡᠷᠭᠡᠨ ᠤ ᠠᠮᠤᠷ ᠲᠦᠪᠰᠢᠨ ᠢ ᠪᠠᠲᠤᠯᠠᠵᠤ᠂ ᠤᠢᠢᠷ᠎ᠠ ᠶᠢᠨ ᠡᠳᠦᠷ ᠤᠳ ᠲᠤ ᠪᠦᠬᠦ ᠬᠥᠮᠦᠰ ᠤᠨ ᠴᠠᠰᠤ ᠠᠷᠢᠯᠭᠠᠬᠤ ᠠᠵᠢᠯᠯᠠᠭ᠎ᠠ ᠨᠢ ᠪᠦᠬᠦ ᠲᠤᠭᠤᠷᠢᠭ ᠤᠨ ᠳᠡᠭᠡᠷ᠎ᠡ ᠳᠣᠣᠷ᠎ᠠ ᠱᠠᠲᠤᠨ ᠤ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠤᠷᠠᠮᠳᠤᠭᠤᠯᠵᠠᠢ᠃
        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号