ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠᠷ ᠡᠯ᠎ᠡ ᠲᠦᠷᠦᠯ ᠤᠨ ᠪᠠᠭᠤᠷᠠᠢ ᠬᠠᠮᠲᠤᠯᠢᠭ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/2/23
     ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠨᠢᠭᠡ ᠴᠤᠬᠴᠠᠵᠢᠭᠤᠯᠤᠨ ᠤᠯᠠᠨ ᠡᠰᠢᠵᠢᠭᠦᠯᠬᠦ︾ ᠪᠠᠷ ᠨᠢᠭᠡᠳᠦᠯᠲᠡᠢ ᠵᠢᠯᠤᠭᠤᠳᠤᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃      ᠨᠢᠭᠡ ᠳᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭᠠᠨ ᠤ ᠲᠤᠭᠲᠠᠴᠠ ᠶᠢ ᠪᠦᠷᠢᠨᠰᠢᠭᠦᠯᠪᠡ᠃ ᠢᠦᠶ ᠴᠢᠤᠸᠠᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ︵ᠬᠠᠤᠯᠢ ᠴᠠᠭᠠᠵᠠ ᠶᠢᠨ ᠲᠤᠰᠠᠯᠠᠮᠵᠢ︶ ᠶᠢᠨ ᠪᠣᠳᠠᠲᠤ ᠴᠣᠭᠴᠠ ᠶᠢᠨ ᠲᠠᠪᠴᠠᠩ᠂ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠪᠠ ᠸᠢᠴᠠᠲ ᠤᠨ ᠨᠡᠶᠢᠲᠡ ᠶᠢᠨ ᠳ᠋ᠤᠭᠠᠷ᠂ ᠥᠨᠥᠳᠦᠷ ᠤᠨ ᠲᠡᠷᠢᠭᠦᠨ ᠵᠤᠷᠪᠤᠰ ᠢᠶᠠᠷ ᠭᠤᠤᠯ ᠪᠣᠯᠭᠠᠭᠰᠠᠨ ᠰᠦᠯᠵᠢᠶᠡᠨ ᠤ ᠲᠠᠪᠴᠠᠩ ᠵᠡᠷᠭᠡ ︽ᠭᠤᠷᠪᠠᠨ ᠲᠠᠪᠴᠠᠩ︾ ᠤᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠠᠭᠤᠷᠠᠶ ᠬᠠᠮᠲᠤᠯᠢᠭ ᠢ ᠠᠯᠢ ᠴᠢᠳᠠᠬᠤ ᠪᠠᠷ ᠳᠤᠲᠠᠭᠤ ᠭᠦᠶᠦᠯᠭᠡᠨ᠎ᠡ᠃ ᠣᠳᠣᠬᠠᠨ ᠳᠤ᠂ ᠲᠣᠭᠤᠷᠢᠭ᠂ ᠪᠠᠯᠭᠠᠰᠤ ︵ᠵᠡᠭᠡᠯᠢ︶ ᠪᠠ ᠲᠣᠰᠬᠤᠨ ︵ᠰᠠᠭᠤᠭᠠᠯᠢ ᠠᠷᠠᠳ︶ ᠭᠤᠷᠪᠠᠨ ᠱᠠᠲᠤ ᠶᠢ ᠪᠦᠬᠦᠨ ᠢ ᠬᠠᠮᠤᠷᠤᠭᠰᠠᠨ 122 ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ᠂ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ︵ᠬᠠᠤᠯᠢ ᠴᠠᠭᠠᠵᠠ ᠶᠢᠨ ᠲᠤᠰᠠᠯᠠᠮᠵᠢ︶ ᠶᠢᠨ ᠬᠠᠯᠠᠮᠰᠢᠯ ᠤᠲᠠᠰᠤ ᠪᠠ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠥᠮ ᠬᠠᠤᠯᠢ ᠴᠠᠭᠠᠵᠠ ᠶᠢᠨ ᠦᠢᠯᠡᠴᠢᠯᠡᠭᠡ ᠶᠢ ᠭᠥᠷᠳᠡᠵᠦ ᠪᠣᠯᠤᠨ᠎ᠠ᠃      ᠬᠤᠶᠠᠷ ᠲᠤ ᠤᠳᠤᠷᠢᠳᠬᠤ ᠺᠠᠳ᠋ᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠪᠠ ᠬᠠᠤᠯᠢᠴᠢ ᠵᠡᠷᠭᠡ ᠡᠩᠨᠡᠭᠡᠨ ᠤ ᠬᠠᠥᠯᠢᠵᠢᠯ ᠤᠨ ᠰᠡᠳᠬᠢᠬᠦᠶ ᠪᠠ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠳᠠᠮᠵᠢᠭᠤᠯᠤᠨ ᠡᠯ᠎ᠡ ᠲᠦᠷᠦᠯ ᠤᠨ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠨᠢᠭᠦᠯᠪᠡ᠃ ᠤᠯᠠᠨ ᠢᠶᠠᠷ ᠢᠶᠠᠨ ᠬᠠᠤᠯᠢ ᠬᠡᠷᠡᠭᠵᠢᠭᠦᠯᠬᠦ ᠪᠠ ᠦᠢᠯᠡᠴᠢᠯᠡᠬᠦ ᠶᠠᠪᠤᠴᠠ ᠳᠠᠭᠠᠨ ᠬᠠᠥᠯᠢᠵᠢᠯ ᠤᠨ ᠰᠡᠳᠬᠢᠬᠦᠶ ᠪᠠ ᠬᠠᠥᠯᠢᠵᠢᠯ ᠤᠨ ᠠᠷᠭ᠎ᠠ ᠮᠠᠶ᠋ᠢᠭ ᠢᠶᠠᠷ ᠦᠨᠳᠦᠰᠦᠲᠡᠨ ᠤ ᠬᠠᠷᠢᠴᠠᠭ᠎ᠠ ᠶᠢ ᠵᠢᠷᠤᠮᠵᠢᠭᠤᠯᠤᠨ ᠲᠣᠬᠢᠷᠠᠭᠤᠯᠬᠤ ᠳᠠᠭᠠᠨ ᠴᠢᠳᠠᠮᠠᠭᠠᠶ ᠪᠠᠶᠢᠵᠤ᠂ ᠢᠯᠠᠩᠭᠤᠶ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠭᠤᠷᠠᠶ ᠬᠠᠮᠲᠤᠯᠢᠭ ᠢ ᠬᠠᠤᠯᠢ ᠶᠣᠰᠣᠭᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠶᠢ ᠱᠠᠭᠠᠷᠳᠠᠵᠤ ᠪᠠᠶᠢᠨ᠎ᠠ᠃      ᠭᠤᠷᠪᠠ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠪᠡ᠃ ᠨᠢᠭᠡ ᠲᠠᠯ᠎ᠠ ᠪᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠠᠭᠤᠷᠠᠶ ᠬᠠᠮᠲᠤᠯᠢᠭ ᠢ ᠵᠠᠮ ᠬᠠᠷᠢᠯᠴᠠᠭᠠᠨ ᠤ ᠠᠳᠡᠯ᠂ ᠡᠮᠴᠢᠯᠡᠭᠡᠨ ᠤ  ᠠᠳᠡᠯ᠂ ᠦᠢᠯᠡᠳᠬᠦᠨ ᠤ ᠶᠠᠰᠤ ᠴᠢᠨᠠᠷ ᠤᠨ ᠠᠳᠡᠯ ᠵᠡᠷᠭᠡ ᠪᠤᠰᠤᠳ ᠠᠳᠡᠯ ᠠᠴᠠ ᠪᠤᠯᠵᠤ ᠬᠥᠮᠦᠨ ᠤ ᠪᠡᠶ᠎ᠡ ᠳᠤ ᠬᠤᠬᠢᠷᠠᠯ ᠤᠴᠠᠷᠠᠭᠤᠯᠤᠭᠰᠠᠨ︔ ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠦᠭᠰᠡᠨ᠂ ᠭᠤᠯᠣᠵᠤ ᠤᠷᠬᠢᠬᠰᠠᠨ ᠠᠴᠠ ᠪᠤᠯᠵᠤ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠭᠰᠠᠨ ᠠᠴᠠ ᠪᠤᠯᠵᠤ ᠡᠷᠬᠡ ᠪᠠᠨ ᠵᠣᠷᠢᠭᠰᠠᠨ ᠵᠡᠷᠭᠡ ᠵᠦᠢᠯᠡᠰ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠥᠷᠢ ᠵᠦᠢᠯᠡᠰ ᠤᠨ ᠬᠡᠪᠴᠢᠶᠡᠨ ᠳᠤ ᠣᠷᠣᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠢᠨᠠᠨ ᠪᠠᠶᠢᠴᠠᠭᠠᠬᠤ ᠪᠠᠷᠢᠮᠵᠢᠶ᠎ᠠ ᠶᠢ ᠠᠭᠤᠵᠢᠭᠤ ᠲᠠᠯᠪᠢᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠤ ᠠᠬᠤᠶ ᠶᠢᠨ ᠬᠦᠴᠢᠷᠳᠡᠯ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠲᠣᠬᠢᠷᠠᠭᠤᠯᠤᠭᠠᠳ᠄ ᠬᠤᠲᠠ ᠪᠠᠯᠭᠠᠰᠤᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠤᠶᠠᠷ ᠲᠠᠬᠢᠨ ᠢᠶᠠᠷ ᠠᠭᠤᠵᠢᠭᠤ ᠲᠠᠯᠪᠢᠵᠤ᠂ ᠬᠥᠳᠡᠭᠡ ᠲᠣᠰᠬᠤᠨ ᠳᠤ ᠳᠡᠭᠡᠷ᠎ᠡ ᠵᠢᠯ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠭᠠᠰ ᠢᠶᠠᠷ ᠬᠡᠷᠡᠭᠵᠢᠭᠦᠯᠵᠦ᠂ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ ᠤᠨ ᠬᠠᠮᠲᠤᠯᠢᠭ ᠤᠨ ᠳᠣᠲᠣᠷᠠᠬᠢ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠪᠠᠷᠢᠮᠵᠢᠶ᠎ᠠ ᠶᠢ ᠳᠣᠷᠣᠭᠰᠢᠯᠠᠭᠤᠯᠪᠠ᠃ 70 ᠨᠠᠰᠤᠨ ᠠᠴᠠ ᠳᠡᠭᠡᠭᠰᠢᠬᠢ ᠵᠢᠴᠢ ᠬᠦᠨᠳᠦ ᠡᠪᠡᠳᠴᠢᠨ ᠳᠤ ᠨᠡᠷᠪᠡᠭᠳᠡᠭᠰᠡᠳ︔ ᠡᠮᠡᠭᠲᠡᠶᠢᠴᠦᠳ ᠬᠡᠷ ᠪᠦᠯᠢ ᠶᠢᠨ ᠬᠦᠴᠦᠷᠬᠡᠭᠯᠡᠯ ᠠᠴᠠ ᠪᠣᠯᠵᠣ᠂ ᠬᠡᠤᠬᠡᠳ ᠬᠠᠯᠠ ᠦᠵᠡᠭᠦᠯᠬᠦ᠂ ᠭᠤᠯᠣᠵᠤ ᠤᠷᠬᠢᠭᠰᠠᠨ ᠠᠴᠠ ᠪᠤᠯᠵᠤ ᠡᠷᠬᠡ ᠪᠠᠨ ᠵᠣᠷᠢᠭᠰᠠᠨ ᠪᠠᠶᠢᠪᠠᠯ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠭᠤᠶᠤᠴᠢᠯᠠᠭᠴᠢ ᠨᠢ ᠠᠵᠤ ᠠᠬᠤᠶ ᠶᠢᠨ ᠬᠦᠴᠢᠷᠳᠡᠯ ᠤᠨ ᠭᠡᠷᠡᠴᠢ ᠭᠠᠷᠭᠠᠵᠤ ᠥᠭᠬᠦ ᠴᠢᠬᠤᠯᠠ ᠥᠬᠡᠶ᠂ ᠲᠤᠰᠠᠯᠠᠮᠵᠢ ᠦᠵᠡᠭᠦᠯᠪᠡᠰᠦ ᠵᠣᠬᠢᠬᠤ ᠶᠢ ᠨᠢ ᠴᠥᠮ ᠲᠤᠰᠠᠯᠠᠬᠤ ᠶᠢ ᠪᠡᠶᠡᠯᠡᠭᠦᠯᠪᠡ᠃ ᠨᠥᠭᠦᠭᠡ ᠲᠠᠯ᠎ᠠ ᠪᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠭᠠᠷ ᠭᠦᠢᠴᠡᠳᠭᠡᠯ ᠢ ᠳᠥᠭᠦᠮᠴᠢᠯᠡᠵᠦ᠂ ᠪᠠᠭᠤᠷᠠᠢ ᠬᠠᠮᠲᠤᠯᠢᠭ ᠤᠨ ᠲᠤᠰᠠᠯᠠᠮᠵᠢ ᠭᠤᠶᠤᠴᠢᠯᠠᠬᠤ ᠭᠤᠶᠤᠴᠢᠯᠠᠯ ᠢ ᠤᠷᠢᠳ ᠢᠶᠠᠷ ᠭᠦᠢᠴᠡᠳᠭᠡᠨ᠎ᠡ᠃ ᠠᠵᠤ ᠠᠬᠤᠶ ᠶᠢᠨ ᠬᠦᠴᠢᠷᠳᠡᠯ ᠲᠠᠢ ᠶᠢ ᠨᠢ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ᠂ ᠤᠷᠢᠳᠠᠪᠠᠷ ᠬᠢᠨᠠᠨ ᠵᠥᠪᠰᠢᠶᠡᠷᠡᠬᠦ᠂ ᠤᠷᠢᠳᠠᠪᠠᠷ ᠲᠣᠮᠢᠯᠠᠬᠤ᠂ ᠤᠷᠢᠳᠠᠪᠠᠷ ᠰᠢᠢᠳᠪᠦᠷᠢᠯᠡᠬᠦ ᠶᠢ ᠬᠡᠷᠡᠭᠵᠢᠭᠦᠯᠪᠡ᠃ 2023 ᠣᠨ ᠤ 1 ᠳ᠋ᠤᠭᠡᠷ ᠰᠠᠷ᠎ᠠ ᠠᠴᠠ ᠣᠲᠣ ᠪᠣᠯᠲᠠᠯ᠎ᠠ᠂ ᠮᠠᠨ ᠤ ᠲᠤᠭᠤᠷᠢᠭ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 315 ᠬᠤᠪᠢ ᠰᠢᠢᠳᠪᠦᠷᠢᠯᠡᠵᠦ᠂ ᠡᠭᠦᠨ ᠳᠤ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 80 ᠬᠤᠪᠢ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 4 ᠬᠤᠪᠢ ᠰᠢᠢᠳᠪᠦᠷᠢᠯᠡᠵᠦ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 5 ᠬᠤᠪᠢ ᠰᠢᠢᠳᠪᠦᠷᠢᠯᠡᠵᠡᠢ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号