ᠢᠦᠶ ᠴᠢᠤᠸᠠᠨ ᠲᠣᠭᠤᠷᠢᠭ ᠤᠨ ᠴᠡᠷᠢᠭ ᠠᠩᠭᠢ ᠪᠠ ᠣᠷᠣᠨ ᠨᠤᠲᠤᠭ ᠤᠨ ᠬᠢᠨ ᠦᠯᠵᠡᠶᠢᠲᠦ ᠡᠳᠦᠷ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠢ ᠬᠠᠮᠲᠤᠷᠠᠨ ᠦᠷᠨᠢᠭᠦᠯᠪᠡ
ᠨᠡᠶᠢᠲᠡᠯᠡᠭᠰᠡᠨ ᠴᠠᠭ᠄
2024/2/26
     ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠪᠣᠯᠬᠤ ᠭᠡᠵᠦ ᠪᠠᠶᠢᠭ᠎ᠠ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠲᠠᠰᠢᠷᠠᠮ ᠢᠶᠠᠷ᠂ ︽ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠨᠢ ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠢᠷᠠᠭᠤ ᠠᠯᠳᠠᠷᠲᠤ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠴᠡᠷᠢᠭ ᠠᠷᠠᠳ ᠪᠦᠯᠬᠦᠮᠳᠡᠯ ᠲᠠᠢ᠂ ᠪᠠᠶᠠᠷ ᠬᠥᠷ ᠲᠠᠢ ᠪᠠᠶᠠᠷ ᠤᠨ ᠡᠳᠦᠷ ᠤᠨ ︽ᠴᠤᠭᠯᠠᠷᠠᠬᠤ︾ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 23 ᠤ ᠡᠳᠦᠷ᠂ ᠢᠦᠶ ᠴᠢᠤᠸᠠᠨ ᠲᠣᠭᠤᠷᠢᠭ ᠤᠨ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠲᠤᠷᠠᠭᠰᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠾᠧᠩ ᠱᠧᠩ ᠨᠡᠶᠢᠭᠡᠮ ᠲᠣᠭᠤᠷᠢᠭ ᠲᠤ ᠬᠦᠷᠴᠦ ︽ᠮᠠᠨ ᠤ ᠪᠠᠶᠠᠷ ᠤᠨ ᠡᠳᠦᠷ — ᠴᠡᠷᠢᠭ ᠠᠷᠠᠳ ᠬᠠᠮᠲᠤ ᠪᠠᠷ ᠥᠯᠵᠡᠶᠢᠲᠦ ᠡᠳᠦᠷ ᠤᠨ ᠪᠠᠶᠠᠷ ᠢ ᠪᠡᠯᠭᠡᠯᠡᠬᠦ︾ ᠰᠢᠷᠢᠰ ᠠᠵᠢᠯᠯᠠᠭ᠎ᠠ ᠥᠷᠨᠢᠭᠦᠯᠪᠡ᠃
     ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠳᠠᠷᠤᠭ᠎ᠠ ᠪᠠᠶᠢᠯᠳᠤᠭᠴᠢᠳ ᠤᠨ ᠬᠠᠯᠠᠭᠤᠨ ᠰᠡᠳᠬᠢᠯᠭᠡ ᠣᠷᠭᠢᠯᠵᠤ᠂ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ᠂ ᠴᠡᠷᠢᠭ ᠤᠨ ᠪᠡᠷᠭᠡᠨ ᠲᠠᠢ ᠬᠠᠮᠲᠤ ᠥᠯᠵᠡᠶᠢᠲᠦ ᠡᠳᠦᠷ ᠤᠨ ᠪᠠᠶᠠᠷ ᠢ ᠪᠡᠯᠭᠡᠯᠡᠪᠡ᠃ ᠳᠠᠷᠤᠭ᠎ᠠ ᠪᠠᠶᠢᠯᠳᠤᠭᠴᠢᠳ ᠪᠢᠴᠢᠬᠠᠨ ᠨᠠᠶᠢᠵᠠ ᠨᠠᠷ ᠲᠤ ᠴᠡᠴᠡᠭᠲᠦ ᠳ᠋ᠧᠩ ᠪᠡᠯᠡᠭᠯᠡᠵᠦ᠂ ᠯᠣᠣ ᠵᠢᠯ ᠤᠨ ᠰᠠᠶᠢᠨ ᠰᠠᠶᠢᠬᠠᠨ ᠢ ᠪᠡᠯᠭᠡᠳᠡᠪᠡ᠃
     ᠲᠤᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠬᠢᠨ ᠪᠠᠰᠠ ᠰᠠᠭᠤᠭ᠎ᠠ ᠭᠠᠵᠠᠷ ᠤᠨ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠲᠣᠬᠤᠨᠢᠭᠤᠯᠬᠤ ᠶᠢᠨ ᠬᠠᠮᠲᠤ ᠲᠣᠬᠤᠨᠢᠭᠤᠯᠬᠤ ᠪᠣᠳᠠᠰ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠳᠠᠷᠤᠭ᠎ᠠ ᠪᠠᠶᠢᠯᠳᠤᠭᠴᠢᠳ ᠤᠨ ᠬᠦᠷᠦᠯᠴᠡᠨ ᠢᠷᠡᠭᠰᠡᠨ ᠳᠤ ᠲᠦᠢᠯ ᠢᠶᠠᠷ ᠰᠡᠳᠬᠢᠯ ᠬᠥᠳᠡᠯᠬᠦ ᠶᠢᠨ ᠬᠠᠮᠲᠤ ᠲᠡᠳᠡᠨ ᠤ ᠠᠷᠠᠳ ᠤᠯᠠᠨ ᠤ ᠠᠮᠤᠷ ᠲᠦᠪᠰᠢᠨ ᠲᠣᠭᠲᠠᠭᠤᠨ ᠢ ᠦᠭᠡ ᠳᠠᠭᠤᠨ ᠦᠭᠡᠢ ᠪᠠᠷ ᠰᠠᠬᠢᠨ ᠬᠠᠮᠠᠭᠠᠯᠠᠵᠤ ᠪᠠᠶᠢᠬᠤ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠤᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠡᠷᠡᠰ ᠭᠤᠶᠢᠪᠢᠰᠢ ᠦᠭᠡᠢ ᠪᠠᠷ ᠨᠠᠮ ᠢ ᠬᠦᠷᠢᠶᠡᠯᠡᠵᠦ᠂ ᠠᠷᠠᠳ ᠤᠯᠠᠨ ᠢ ᠬᠠᠶᠢᠷᠠᠯᠠᠵᠤ᠂ ᠰᠠᠭᠤᠭ᠎ᠠ ᠪᠠᠶᠢᠭᠤᠯᠤᠯᠭ᠎ᠠ ᠨᠢᠭᠡᠴᠢ᠂ ᠤᠯᠠᠨ ᠲᠦᠮᠡᠨ ᠲᠠᠢ ᠤᠯᠠᠨ ᠬᠡᠯᠪᠡᠷᠢ ᠶᠢᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠦᠷᠨᠢᠭᠦᠯᠬᠦ ᠶᠢ ᠪᠠᠶᠢᠩᠭᠤᠵᠢᠭᠤᠯᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ ᠳᠡᠯᠭᠡᠷᠡᠭᠦᠯᠵᠦ᠂ ᠴᠡᠷᠢᠭ ᠠᠷᠠᠳ ᠬᠠᠮᠲᠤᠪᠠᠷ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢᠨ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃
     ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ︽ᠴᠤᠭᠯᠠᠷᠠᠬᠤ︾ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠵᠢᠭᠠᠰᠤ ᠤᠰᠤᠨ ᠤ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠥᠬᠡᠶ ᠪᠠᠰᠠ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠶᠢᠨ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠥᠳᠬᠡᠨ ᠵᠤᠵᠠᠭᠠᠨ ᠠᠭᠤᠷ ᠠᠮᠢᠰᠬᠤᠯ ᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠢᠦᠢ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠳᠤ ᠰᠢᠨ᠎ᠡ ᠪᠠᠶᠢᠳᠠᠯ ᠢ ᠡᠭᠦᠳᠦᠭᠰᠡᠨ ᠪᠠᠶᠢᠨ᠎ᠠ᠃
     ᠲᠤᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠴᠡᠷᠢᠭ ᠤᠨ ᠪᠡᠷᠭᠡᠨ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号