︽2024 ᠣᠨ ᠤ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠤᠨ ᠭᠤᠣᠯᠳᠠᠯᠭ᠎ᠠ︾ ᠳᠤ 6 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/2/26
     ᠲᠥᠪ ᠤᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠬᠠᠮᠲᠤᠷᠠᠨ ︽2024 ᠣᠨ ᠤ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠪᠠ᠃      ᠠᠵᠢᠯ ᠤᠨ ᠭᠤᠣᠯᠳᠠᠯᠭ᠎ᠠ ᠳᠤ 6 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠂ ᠡᠭᠦᠨ ᠳᠤ᠄ ᠥᠨᠳᠥᠷ ᠲᠦᠪᠰᠢᠨ ᠪᠦᠬᠦᠢ ᠬᠠᠮ ᠭᠡᠯᠪᠡᠷᠢ ᠶᠢᠨ ᠲᠣᠭᠠᠴᠢᠯᠠᠭᠰᠠᠨ ᠴᠢᠳᠠᠪᠤᠷᠢᠲᠠᠨ ᠢ ᠬᠥᠮᠥᠵᠢᠭᠦᠯᠵᠦ᠂ ᠲᠣᠭᠠᠴᠢᠯᠠᠯᠳᠠ ᠶᠢᠨ ᠵᠥᠷᠢᠶ᠎ᠡ ᠵᠠᠭᠠᠭ ᠢ ᠲᠦᠷᠭᠡᠨ ᠨᠥᠬᠦᠪᠦᠷᠢᠯᠡᠵᠦ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠳᠤ ᠲᠤᠯᠭᠠᠭᠤᠷᠢᠯᠠᠵᠤ᠂ ᠣᠶᠤᠨᠴᠢ ᠪᠥᠭᠡᠳ ᠳᠥᠭᠦᠮ ᠳᠥᠲᠡ ᠲᠣᠭᠠᠴᠢᠯᠠᠭᠰᠠᠨ ᠠᠮᠢᠳᠤᠷᠠᠯ ᠤᠨ ᠠᠬᠤᠢ ᠪᠠᠶᠢᠳᠠᠯ ᠢ ᠥᠷᠭᠡᠳᠬᠡᠵᠦ᠂ ᠢᠳᠡᠪᠬᠢᠲᠡᠢ ᠡᠷᠡᠭᠦᠯ ᠪᠥᠭᠡᠳ ᠡᠮᠬᠢ ᠵᠢᠷᠤᠮ ᠲᠠᠢ ᠰᠦᠯᠵᠢᠶᠡᠨ ᠤ ᠣᠷᠣᠨ ᠵᠠᠢ ᠶᠢ ᠪᠤᠶ ᠪᠤᠯᠭᠠᠵᠤ᠂ ᠲᠤᠯᠭᠠᠭᠤᠷᠢᠯᠠᠵᠤ ᠪᠠᠲᠤᠯᠠᠬᠤ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃      ᠠᠵᠢᠯ ᠤᠨ ᠭᠤᠣᠯᠳᠠᠯᠭ᠎ᠠ ᠳᠤ᠂ ᠡᠨᠡ ᠵᠢᠯ ᠤᠨ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠢ ᠰᠠᠶᠢᠲᠤᠷ ᠬᠢᠬᠦ ᠳᠤ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠦᠢᠯᠡᠴᠢᠯᠡᠬᠦ᠂ ᠪᠦᠭᠦ ᠠᠷᠠᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠪᠠᠷ ᠬᠠᠷᠠᠯᠲᠠ ᠪᠠᠨ ᠪᠤᠯᠭᠠᠵᠤ᠂ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠠᠵᠢᠯ ᠤᠨ ᠭᠤᠣᠯᠳᠠᠯᠭ᠎ᠠ ᠳᠤ ᠣᠨ ᠤ ᠠᠵᠢᠯ ᠤᠨ ᠬᠠᠷᠠᠯᠲᠠ ᠶᠢ ᠲᠣᠳᠣᠷᠬᠠᠶᠢᠯᠠᠪᠠ᠄ 2024 ᠣᠨ ᠤ ᠡᠴᠦᠰ ᠪᠤᠯᠬᠤ ᠳᠤ᠂ ᠮᠠᠨ ᠤ ᠤᠯᠤᠰ ᠤᠨ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢᠨ ᠬᠥᠭᠵᠢᠯᠲᠡ ᠶᠢᠨ ᠲᠦᠪᠰᠢᠨ ᠢ ᠰᠢᠨ᠎ᠡ ᠳᠡᠭᠲᠡᠷ ᠲᠤ ᠭᠠᠷᠭᠠᠵᠤ᠂ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢᠨ ᠬᠥᠮᠦᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠲᠣᠭᠠᠴᠢᠯᠠᠭᠰᠠᠨ ᠬᠠᠷᠰᠢ ᠰᠠᠭᠠᠳ ᠦᠭᠡᠢ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠦᠯᠦᠭᠵᠢᠯ ᠤᠨ ᠬᠤᠭᠤᠷᠣᠨᠳᠣᠭᠢ ᠲᠣᠭᠠᠴᠢᠯᠠᠯᠳᠠ ᠶᠢᠨ ᠵᠥᠷᠢᠶ᠎ᠡ ᠵᠠᠭᠠᠭ ᠢ ᠤᠯᠠᠮ ᠪᠠᠭᠠᠰᠬᠠᠵᠤ᠂ ᠣᠶᠤᠨᠲᠤ ᠪᠥᠭᠡᠳ ᠳᠥᠭᠦᠮ ᠳᠥᠲᠡ ᠲᠣᠭᠠᠴᠢᠯᠠᠭᠰᠠᠨ ᠠᠮᠢᠳᠤᠷᠠᠯ ᠢ ᠨᠡᠩ ᠴᠢᠨᠠᠷ ᠰᠠᠶᠢᠲᠠᠢ ᠪᠤᠯᠭᠠᠵᠤ᠂ ᠰᠦᠯᠵᠢᠶᠡᠨ ᠤ ᠣᠷᠣᠨ ᠵᠠᠢ ᠶᠢ ᠨᠡᠩ ᠵᠢᠷᠤᠮᠵᠢᠯ ᠲᠠᠢ ᠡᠮᠬᠢ ᠵᠢᠷᠤᠮ ᠲᠠᠢ ᠪᠤᠯᠭᠠᠵᠤ᠂ ᠲᠣᠭᠠᠴᠢᠯᠠᠭᠰᠠᠨ ᠴᠠᠭ ᠦᠶ᠎ᠡ ᠳᠠᠬᠢ ᠮᠠᠨ ᠤ ᠤᠯᠤᠰ ᠤᠨ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠰᠦᠯᠵᠢᠶᠡᠨ ᠤ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号