ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠡᠭᠦᠳᠡ ᠪᠠᠨ ᠬᠠᠭᠠᠭᠰᠠᠨ ᠦᠭᠡᠢ
ᠨᠡᠶᠢᠲᠡᠯᠡᠭᠰᠡᠨ ᠴᠠᠭ᠄
2024/2/26
     2 ᠳ᠋ᠤᠭᠠᠷ ᠰᠠᠷ᠎ᠠ ᠶᠢᠨ 24 ᠤ ᠡᠳᠦᠷ᠂ ᠢᠦᠢ ᠴᠢᠤᠸᠠᠨ ᠲᠣᠭᠤᠷᠢᠭ ᠤᠨ ᠪᠤᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠮᠥᠨ ᠯᠡ ᠬᠦᠷ ᠬᠥᠭᠵᠢᠶᠡᠨ ᠲᠠᠢ ᠪᠠᠶᠢᠵᠤ᠂ ᠬᠤᠳᠠ ᠶᠢᠨ ᠠᠷᠠᠳ ᠵᠢᠭᠤᠯᠴᠢᠯᠠᠭᠴᠢᠳ ᠬᠤᠶᠢᠨ᠎ᠠ ᠬᠤᠶᠢᠨ᠎ᠠ ᠠᠴᠠ ᠪᠠᠨ ᠭᠡᠷ ᠠᠴᠠ ᠪᠠᠨ ᠭᠠᠷᠴᠤ ᠨᠠᠰᠤᠲᠠᠨ ᠢᠶᠠᠨ ᠲᠡᠳᠬᠦᠵᠦ ᠨᠢᠯᠬᠠᠰ ᠢᠶᠠᠨ ᠳᠠᠭᠠᠭᠤᠯᠵᠤ᠂ ᠨᠠᠶᠢᠵᠠ ᠨᠥᠬᠦᠳ ᠢᠶᠠᠨ ᠳᠠᠭᠠᠭᠤᠯᠤᠨ ᠡᠨᠡᠬᠦ ᠥᠳᠬᠡᠨ ᠵᠤᠵᠠᠭᠠᠨ ᠴᠠᠭᠠᠨ ᠰᠠᠷ᠎ᠠ ᠶᠢᠨ ᠦᠨᠦᠷ ᠠᠮᠲᠠ ᠶᠢ ᠮᠡᠳᠡᠷᠡᠭᠦᠯᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠬᠠᠮᠲᠤᠪᠠᠷ ᠥᠩᠭᠡᠷᠡᠭᠦᠯᠪᠡ᠃
     ᠬᠠᠬᠢᠷ ᠬᠦᠢᠳᠡᠨ ᠠᠭᠤᠷ ᠠᠮᠢᠰᠬᠤᠯ ᠳᠤ ᠬᠤᠳᠠ ᠶᠢᠨ ᠠᠷᠠᠳ ᠵᠢᠭᠤᠯᠴᠢᠯᠠᠭᠴᠢᠳ᠂ ᠲᠣᠭᠯᠠᠭᠴᠢᠳ ᠪᠣᠯᠤᠨ ᠰᠢᠷᠭᠠᠭᠤ ᠬᠠᠲᠠᠭᠤᠵᠢᠯᠲᠠᠢ ᠵᠢᠵᠢᠭᠦᠷᠯᠡᠵᠦ ᠪᠠᠶᠢᠭ᠎ᠠ ᠠᠵᠢᠯᠲᠠᠳ ᠲᠤ ᠬᠠᠯᠠᠭᠤᠨ ᠤᠰᠤ ᠬᠠᠩᠭᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠠᠴᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠤᠯᠠᠨ ᠳᠤ ᠤᠯᠠᠭᠠᠨ ᠰᠢᠬᠢᠷ ᠲᠠᠢ ᠤᠰᠤ᠂ ᠭᠠ ᠲᠠᠢ ᠴᠠᠢ ᠵᠡᠷᠭᠡ ᠤᠮᠳᠠᠭᠠᠨ ᠢ ᠰᠦᠢᠳᠬᠡᠯ ᠦᠭᠡᠢ ᠪᠠᠷ ᠬᠦᠷᠭᠡᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠡᠳᠦᠯᠲᠡᠢ ᠤᠯᠠᠭᠠᠨ ᠤᠤᠵᠢ ᠡᠮᠦᠰᠦᠨ ᠬᠠᠯᠠᠭᠤᠨ ᠰᠡᠳᠬᠢᠯᠭᠡ ᠪᠠ ᠢᠨᠢᠶᠡᠮᠰᠦᠭᠯᠡᠯ ᠨᠢ ᠳᠡᠷᠭᠡᠳᠡᠬᠢ ᠬᠥᠮᠦᠰ ᠢ ᠨᠥᠯᠥᠭᠡᠯᠡᠪᠡ᠃
     ᠣᠳᠣᠬᠠᠨ ᠳᠤ ᠶᠠᠭ ᠰᠠᠶᠢᠬᠠᠨ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠤ ᠪᠠᠶᠢᠨ᠎ᠠ᠂ ᠠᠷᠠᠳ ᠨᠡᠶᠢᠲᠡ ᠶᠢᠨ ᠬᠥᠳᠡᠯᠭᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ ᠬᠢᠨ ᠰᠦᠮ᠎ᠡ ᠶᠢᠨ ᠴᠤᠭᠯᠠᠭᠠᠨ ᠤ ᠲᠤᠬᠠᠢ ᠶᠢᠨ ᠲᠠᠯᠠᠪᠠᠢ ᠳᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠦᠰ ᠢ ᠵᠣᠬᠢᠶᠠᠨ ᠪᠠᠶᠢᠭᠤᠯᠤᠨ ᠲᠣᠭᠯᠠᠭᠤᠯᠵᠤ᠂ ᠡᠪᠦᠭᠡᠨ ᠬᠦᠭᠰᠢᠨ ᠨᠡᠷ ᠬᠤᠪᠴᠠᠰᠤ ᠬᠤᠨᠠᠷ ᠢᠶᠠᠨ ᠨᠢᠭᠡᠳᠬᠡᠵᠦ᠂ ᠴᠤᠭ ᠵᠢᠪᠬᠤᠭ᠎ᠠ ᠪᠠᠨ ᠪᠠᠳᠠᠷᠠᠭᠤᠯᠤᠨ᠂ ᠤᠯᠠᠨ ᠲᠦᠮᠡᠨ ᠳᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠦᠵᠡᠭᠦᠯᠪᠡ᠃
     ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠴᠠᠭᠠᠷᠢᠭᠯᠠᠨ ᠬᠦᠷᠢᠶᠡᠯᠡᠵᠦ᠂ ᠣᠯᠠᠨ ᠳᠤ ᠤᠷᠲᠤ ᠳᠡᠭᠡᠰᠦ ᠬᠠᠩᠭᠠᠵᠤ᠂ ᠬᠤᠲᠠ ᠶᠢᠨ ᠠᠷᠠᠳ ᠨᠠᠶᠢᠵᠠ ᠨᠠᠷ ᠰᠠᠶᠢᠨ ᠳᠤᠷ᠎ᠠ ᠠᠴᠠ ᠪᠠᠨ ᠳᠡᠭᠡᠰᠦ ᠦᠰᠦᠷᠬᠦ ᠤᠷᠤᠯᠳᠤᠭᠠᠨ ᠳᠤ ᠣᠷᠣᠯᠴᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠬᠥᠷ ᠬᠥᠭᠵᠢᠶᠡᠨ ᠲᠠᠢ ᠪᠣᠯᠭᠠᠵᠤ᠂ ᠣᠯᠠᠨ ᠢᠶᠠᠷ ᠢᠶᠠᠨ ᠡᠨᠡ ᠬᠦ ᠪᠠᠶᠠᠷ ᠬᠥᠷ ᠲᠠᠢ ᠲᠣᠭᠯᠠᠭᠠᠮ ᠳᠤ ᠢᠳᠡᠪᠬᠢᠲᠡᠶ ᠣᠷᠣᠯᠴᠠᠵᠤ ᠪᠠᠶᠢᠯ᠎ᠠ᠃
     ᠤᠷᠲᠤ ᠳᠡᠭᠡᠰᠦᠨ ᠤ ᠦᠰᠦᠷᠦᠯᠲᠡ ᠶᠢᠨ ᠬᠤᠭᠤᠷᠣᠨᠳᠣ᠂ ᠬᠥᠮᠦᠰ ᠨᠢᠭᠡ ᠨᠢᠭᠡ ᠪᠠᠷ ᠢᠶᠠᠨ ᠨᠢᠳᠤᠷᠭ᠎ᠠ ᠪᠠᠨ ᠵᠠᠩᠭᠢᠳᠤᠨ ᠳᠡᠪᠬᠡᠷᠦᠨ᠎ᠡ᠃ ᠠᠮᠢᠰᠬᠤᠭ᠎ᠠ᠂ ᠠᠯᠬᠤᠭ᠎ᠠ ᠪᠠᠨ ᠲᠦᠷᠭᠡᠨ ᠲᠣᠬᠢᠷᠠᠭᠤᠯᠵᠤ᠂ ᠢᠳᠡᠷᠡᠭᠦᠨ ᠠᠯᠬᠤᠭ᠎ᠠ ᠪᠠᠷ ᠦᠰᠦᠷᠦᠨ ᠣᠷᠣᠵᠤ ᠢᠷᠡᠭᠰᠡᠨ ᠳᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠪᠠᠶᠠᠷᠯᠠᠨ ᠠᠯᠠᠭ᠎ᠠ ᠲᠠᠰᠢᠬᠤ ᠪᠤᠶᠤ ᠡᠯᠢᠭᠡ ᠪᠠᠨ ᠬᠥᠰᠢᠲᠡᠯ᠎ᠡ ᠢᠨᠢᠶᠡᠯᠴᠡᠵᠦ᠂ ᠬᠠᠰᠬᠢᠷᠬᠤ ᠲᠠᠭᠤᠨ ᠭᠠᠷᠴᠤ᠂ ᠲᠤᠬᠠᠶ ᠶᠢᠨ ᠲᠠᠯᠠᠪᠠᠶ ᠳᠤ ᠪᠠᠶᠠᠷ ᠬᠥᠷ ᠲᠠᠢ ᠪᠣᠯᠪᠠ᠃
     ᠴᠠᠭᠠᠨ ᠰᠠᠷ᠎ᠠ ᠶᠢᠨ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡ ᠡᠭᠦᠳᠡ ᠪᠠᠨ ᠬᠠᠭᠠᠭᠰᠠᠨ ᠦᠭᠡᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠦᠮ᠎ᠡ ᠶᠢᠨ ᠴᠤᠭᠯᠠᠭᠠᠨ ᠤ ᠲᠤᠬᠠᠢ ᠶᠢᠨ ᠲᠠᠯᠠᠪᠠᠢ ᠳᠤ ᠬᠤᠳᠠ ᠶᠢᠨ ᠠᠷᠠᠳ ᠵᠤᠭᠠᠴᠠᠭᠰᠠᠳ ᠲᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠶᠢ ᠪᠠᠷᠢᠮᠲᠠᠯᠠᠪᠠ᠃ ᠤᠯᠠᠨ ᠢᠶᠠᠷ ᠢᠶᠠᠨ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠳᠤ ᠰᠣᠭᠲᠣᠭᠤᠷᠠᠬᠤ ᠶᠢᠨ ᠬᠠᠮᠲᠤ ᠪᠠᠰᠠ ᠤᠯᠠᠨ ᠵᠦᠢᠯ ᠤᠨ ᠬᠡᠯᠪᠡᠷᠢ ᠶᠢᠨ ᠬᠠᠶᠢᠷ᠎ᠠ ᠬᠠᠯᠠᠮᠵᠢ ᠶᠢ ᠬᠦᠷᠲᠡᠵᠦ᠂ ᠡᠨᠡᠬᠦ ︽ᠰᠠᠶᠢᠨ ᠳᠤᠷ᠎ᠠ ᠶᠢᠨ ᠤᠯᠠᠭᠠᠨ︾ ᠨᠢ ᠢᠦᠢ ᠴᠢᠤᠸᠠᠨ ᠲᠣᠭᠤᠷᠢᠭ ᠤᠨ ᠴᠠᠭᠠᠨ ᠰᠠᠷ᠎ᠠ ᠶᠢᠨ ᠰᠦᠮ᠎ᠡ ᠶᠢᠨ ᠴᠤᠭᠯᠠᠭᠠᠨ ᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠤᠯᠵᠤ᠂ ᠬᠥᠮᠦᠰ ᠤᠨ ᠠᠩᠬᠠᠷᠤᠯ ᠢ ᠣᠨᠴᠠ ᠲᠠᠲᠠᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号