ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/26
     2 ᠳ᠋ᠤᠭᠠᠷ ᠰᠠᠷ᠎ᠠ ᠶᠢᠨ 23 ᠤ ᠦᠳᠡ ᠶᠢᠨ ᠡᠮᠦᠨᠡᠬᠢ 10 ᠴᠠᠭ ᠲᠤ᠂ ᠢᠦᠢ ᠴᠢᠤᠸᠠᠨ ᠲᠣᠭᠤᠷᠢᠭ ᠤᠨ ᠵᠠᠩᠭᠢ ᠶᠢᠨ ᠠᠶᠢᠯ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ ᠳᠤ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠬᠦᠷ ᠬᠥᠭᠵᠢᠶᠡᠨ ᠢᠶᠠᠷ ᠪᠢᠯᠬᠠᠨ᠎ᠠ᠃ ᠬᠠᠷᠠᠩᠭ᠎ᠠ ᠬᠡᠩᠭᠡᠷᠭᠡ ᠶᠢᠨ ᠲᠠᠭᠤᠨ ᠢ ᠳᠠᠭᠠᠯᠳᠤᠨ᠂ ᠡᠪᠦᠭᠡᠨ ᠬᠦᠭᠰᠢᠨ ᠨᠡᠷ ᠤᠯᠠᠭᠠᠨ ᠳᠡᠪᠡᠯ ᠢᠶᠠᠨ ᠡᠮᠦᠰᠦᠨ᠂ ᠪᠠᠶᠠᠷ ᠬᠥᠷ ᠲᠠᠢ ᠶᠠᠩᠭᠠᠷ ᠪᠥᠵᠢᠭᠯᠡᠨ᠂ ᠣᠪᠣᠭᠠᠷᠠᠨ ᠦᠵᠡᠵᠦ ᠪᠠᠶᠢᠭ᠎ᠠ ᠣᠯᠠᠨ ᠲᠦᠮᠡᠨ ᠵᠣᠭᠰᠣᠵᠤ ᠰᠣᠨᠢᠷᠬᠠᠨ᠂ ᠭᠠᠷ ᠤᠲᠠᠰᠤ ᠪᠠᠷ ᠢᠶᠠᠨ ᠰᠡᠭᠦᠳᠡᠷ ᠲᠠᠲᠠᠵᠤ ᠡᠨᠡᠬᠦ ᠭᠤᠶᠣ ᠰᠠᠶᠢᠬᠠᠨ ᠴᠠᠭ ᠮᠦᠴᠡ ᠶᠢ ᠲᠡᠮᠳᠡᠭᠯᠡᠵᠦ᠂ ᠴᠠᠭᠠᠨ ᠰᠠᠷ᠎ᠠ ᠶᠢᠨ ᠥᠨᠢᠷ ᠥᠳᠬᠡᠨ ᠦᠨᠦᠷ ᠠᠮᠲᠠ ᠶᠢᠨ ᠳᠤᠮᠳᠠ ᠠᠴᠠ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢᠨ ᠷᠢᠳᠢ ᠰᠢᠳᠢ ᠶᠢ ᠣᠯᠵᠤ ᠬᠠᠷᠠᠨ᠎ᠠ᠃
     ᠲᠤᠰ ᠤᠳᠠᠭᠠᠨ ᠤ ︽ᠪᠣᠯᠪᠠᠰᠤᠨ ᠦᠢᠯᠡᠳᠦᠯᠭᠡ ᠳᠤ ᠪᠢ ᠪᠣᠯ ᠠᠵᠢᠯᠯᠠᠭᠴᠢ︾ ᠭᠡᠬᠦ ᠠᠵᠢᠯᠯᠠᠭ᠎ᠠ ᠶᠢ ᠢᠦᠢ ᠴᠢᠤᠸᠠᠨ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠠᠴᠠ ᠭᠤᠣᠯᠯᠠᠨ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠵᠠᠩᠭᠢ ᠶᠢᠨ ᠠᠶᠢᠯ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠳᠠᠭᠠᠭᠠᠴᠢᠯᠠᠨ ᠡᠷᠬᠢᠯᠡᠭᠰᠡᠨ ᠪᠥᠭᠡᠳ ᠬᠥᠬᠡᠬᠤᠲᠠ ᠶᠢᠨ ᠳᠠᠭᠤᠤ ᠪᠥᠵᠢᠭᠲᠦ ᠵᠦᠴᠦᠭᠡ ᠶᠢᠨ ᠬᠦᠷᠢᠶᠡᠯᠡᠩ ᠢ ᠣᠨᠴᠠ ᠤᠷᠢᠵᠤ ᠭᠤᠶᠢᠳᠠ ᠰᠠᠶᠢᠬᠠᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢ ᠠᠪᠴᠢᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠪᠠ᠃
     ᠳᠠᠭᠤᠤ ᠪᠥᠵᠢᠭ᠂ ᠱᠤᠭ ᠶᠠᠷᠢᠶ᠎ᠠ ᠵᠡᠷᠭᠡ ᠨᠠᠷᠢᠨ ᠨᠢᠮᠪᠠᠢ ᠨᠠᠶᠢᠷᠠᠭᠤᠯᠤᠭᠰᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠵᠤ᠂ ᠤᠯᠠᠨ ᠳᠤ ᠲᠠᠩᠰᠤᠭ ᠰᠠᠶᠢᠬᠠᠨ ᠰᠣᠶᠣᠯ ᠤᠨ ᠬᠤᠭᠤᠯᠠ ᠶᠢ ᠠᠮᠲᠠᠷᠬᠠᠪᠠ᠃ ᠲᠣᠰᠬᠤᠨ ᠤ ᠠᠷᠠᠳ᠂ ᠡᠶᠢᠨᠬᠦ ᠤᠯᠠᠨ ᠲᠦᠮᠡᠨ ᠲᠠᠢ ᠤᠢᠢᠷᠠᠳᠤᠭᠰᠠᠨ ᠲᠣᠭᠯᠠᠯᠲᠠ ᠨᠢ ᠤᠯᠠᠨ ᠳᠤ ᠴᠠᠭᠠᠨ ᠰᠠᠷ᠎ᠠ ᠶᠢᠨ ᠬᠤᠭᠤᠴᠠᠭᠠᠨ ᠳᠤ ᠥᠳᠬᠡᠨ ᠵᠤᠵᠠᠭᠠᠨ ᠰᠢᠨ᠎ᠡ ᠵᠢᠯ ᠤᠨ ᠦᠨᠦᠷ ᠠᠮᠲᠠ ᠶᠢ ᠮᠡᠳᠡᠷᠡᠭᠦᠯᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠯᠴᠠᠭ᠎ᠠ ᠶᠢ ᠣᠶᠢᠷᠠᠲᠤᠭᠤᠯᠵᠤ᠂ ᠤᠯᠠᠨ ᠳᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠡᠢ ᠭᠡᠵᠦ ᠢᠯᠡᠳᠬᠡᠵᠡᠭᠡᠪᠡ᠃
           ᠭᠤᠶᠢᠳᠠ ᠰᠠᠶᠢᠬᠠᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠢᠭᠡ ᠪᠦᠯᠦᠭ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠠᠤᠯᠢ ᠴᠠᠭᠠᠵᠠ ᠵᠡᠷᠭᠡ ᠬᠦᠷᠢᠶᠡᠨ ᠤ ᠤᠬᠠᠭᠤᠯᠭ᠎ᠠ ᠶᠢᠨ ᠨᠣᠮ ᠪᠢᠴᠢᠭ ᠢ ᠠᠪᠴᠢᠷᠠᠵᠤ᠂ ᠨᠠᠮ ᠤᠨ ᠲᠦᠷᠦ ᠶᠢᠨ ᠪᠤᠳᠤᠯᠭ᠎ᠠ᠂ ᠲᠠᠷᠢᠶᠠᠯᠠᠩ ᠤᠨ ᠮᠡᠷᠭᠡᠵᠢᠯ ᠤᠨ ᠮᠡᠳᠡᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠡᠷᠡᠭᠦᠯ ᠮᠡᠨᠳᠦ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠮᠡᠳᠡᠯᠭᠡ ᠶᠢ ᠲᠠᠷᠢᠶᠠᠨ ᠭᠠᠵᠠᠷ ᠪᠠ ᠠᠷᠠᠳ ᠤᠯᠠᠨ ᠤ ᠳᠡᠷᠭᠡᠳᠡ ᠬᠦᠷᠭᠡᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠥᠯᠵᠡᠶᠢᠲᠦ ᠡᠳᠦᠷ ᠤᠨ ᠪᠠᠶᠠᠷ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠲᠠᠢ ᠪᠠᠶᠢᠵᠤ᠂ ᠲᠣᠰᠬᠤᠨ ᠤ ᠠᠷᠠᠳ ᠤᠨ ᠵᠥᠪᠯᠡᠯ ᠲᠣᠭᠤᠭ᠎ᠠ ᠪᠤᠰᠬᠠᠵᠤ᠂ ᠲᠣᠰᠬᠤᠨ ᠤ ᠠᠷᠠᠳ ᠢ ᠤᠷᠢᠵᠤ ᠬᠠᠮᠲᠤ ᠪᠠᠷ ᠥᠯᠵᠡᠶᠢᠲᠦ ᠪᠤᠤᠪᠤ ᠢᠳᠡᠭᠦᠯᠵᠦ᠂ ᠣᠨᠢᠰᠤᠭ᠎ᠠ ᠲᠠᠭᠠᠵᠤ᠂ ᠪᠣᠯᠪᠠᠰᠤᠨ ᠪᠦᠯᠬᠦᠮᠳᠡᠯ ᠲᠠᠢ ᠬᠡᠳᠦ ᠳᠡᠯᠭᠡᠭᠦᠷ ᠤᠨ ᠵᠢᠵᠢᠭ ᠪᠡᠯᠡᠭ ᠤᠨ ᠡᠳ᠋ ᠢ ᠰᠣᠯᠢᠵᠤ᠂ ᠪᠦᠬᠦ ᠲᠠᠯ᠎ᠠ ᠶᠢᠨ ᠠᠵᠢᠯᠯᠠᠭ᠎ᠠ ᠨᠢ ᠤᠯᠠᠨ ᠲᠦᠮᠡᠨ ᠤ ᠠᠩᠬᠠᠷᠤᠯ ᠢ ᠲᠠᠲᠠᠭᠰᠠᠨ ᠪᠥᠭᠡᠳ ᠬᠥᠮᠦᠰ ᠤᠨ ᠬᠦᠷᠢᠶᠡᠯᠡᠯ ᠢ ᠣᠯᠵᠤ᠂ ᠴᠢᠩᠭ᠎ᠠ ᠲᠤᠰᠬᠠᠯ ᠭᠠᠷᠴᠠᠢ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号