ᠢᠦᠶ ᠴᠢᠤᠸᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠰᠤᠷᠭᠠᠭᠤᠯᠢ ᠡᠬᠢᠯᠡᠪᠡ
ᠨᠡᠶᠢᠲᠡᠯᠡᠭᠰᠡᠨ ᠴᠠᠭ᠄
2024/2/27
     2 ᠳ᠋ᠤᠭᠠᠷ ᠰᠠᠷ᠎ᠠ ᠶᠢᠨ 26 ᠤ ᠡᠳᠦᠷ᠂ ᠢᠦᠶ ᠴᠢᠤᠸᠠᠨ ᠲᠣᠭᠤᠷᠢᠭ ᠤᠨ ᠭᠤᠷᠪᠠᠳᠤᠭᠠᠷ ᠬᠡᠤᠬᠡᠳ ᠤᠨ ᠴᠡᠴᠡᠷᠯᠢᠭ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ ᠢᠶᠠᠨ ᠤᠭᠲᠤᠨ ᠠᠪᠴᠢᠷᠠᠵᠤ᠂ ᠬᠡᠤᠬᠡᠳ ᠤᠳ ᠢ ᠬᠠᠪᠰᠤᠷᠤᠨ ᠰᠤᠷᠭᠠᠭᠤᠯᠢ ᠳᠤ ᠣᠷᠣᠬᠤ ᠠᠶᠢᠵᠠᠮ ᠳᠤ ᠲᠦᠷᠭᠡᠨ ᠵᠣᠬᠢᠴᠠᠭᠤᠯᠬᠤ ᠶᠢᠨ ᠲᠥᠯᠥᠭᠡ᠂ ᠣᠯᠠᠨ ᠶᠠᠩᠵᠤ ᠶᠢᠨ ᠬᠡᠯᠪᠡᠷᠢ ᠶᠢᠨ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠢ ᠳᠠᠭᠠᠭᠤᠯᠤᠨ ᠰᠡᠳᠬᠢᠯ ᠰᠠᠨᠠᠭ᠎ᠠ ᠶᠢ ᠨᠢ ᠲᠠᠶᠢᠪᠤᠰᠢᠷᠠᠭᠤᠯᠵᠤ᠂ ᠪᠠᠶᠠᠰᠤᠩᠭᠤᠶ ᠢᠳᠡᠪᠬᠢᠲᠡᠶ ᠣᠪᠣᠷ ᠢᠶᠠᠷ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠤᠭᠲᠤᠪᠠ᠃
     ︽ᠪᠢᠳᠡ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠲᠡᠭᠡᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠶᠠᠪᠤᠭᠤᠯᠵᠤ᠂ ᠵᠣᠣ ᠵᠢᠶᠦ᠋ᠨ ᠤ ᠪᠣᠭᠤᠮᠲᠠ ᠠᠴᠠ ᠭᠠᠷᠤᠭᠰᠠᠨ ᠦᠯᠢᠭᠡᠷ ᠢᠶᠠᠷ ᠳᠠᠮᠵᠢᠭᠤᠯᠤᠨ ᠬᠡᠦᠬᠡᠳ ᠲᠤ ᠲᠡᠦᠬᠡ ᠶᠢ ᠣᠶᠢᠯᠠᠭᠠᠭᠤᠯᠵᠤ᠂ ᠲᠡᠳᠡᠨ ᠤ ᠡᠬᠡ ᠣᠷᠣᠨᠴᠢ ᠰᠡᠳᠬᠢᠯᠭᠡ ᠶᠢ ᠬᠥᠭᠵᠢᠭᠡᠬᠦ ᠶᠢᠨ ᠬᠠᠮᠲᠤ ᠲᠡᠳᠡᠨ ᠤ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠢ ᠤᠳᠬ᠎ᠠ ᠠᠭᠤᠯᠭ᠎ᠠ ᠲᠠᠢ᠂ ᠨᠡᠩ ᠮᠠᠷᠲᠠᠭᠳᠠᠰᠢ ᠦᠭᠡᠶ ᠪᠣᠯᠭᠠᠵᠠᠶ︾ ᠭᠡᠵᠦ ᠢᠦᠢ ᠴᠢᠤᠸᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠳᠡᠳ᠋ ᠳᠠᠷᠤᠭ᠎ᠠ ᠷᠧᠨ ᠼᠠᠢ ᠰᠢᠶᠠ ᠲᠠᠨᠢᠯᠴᠠᠭᠤᠯᠪᠠ᠃
     ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠠᠴᠠ ᠡᠮᠦᠨ᠎ᠡ ᠪᠦᠬᠦ ᠲᠠᠯ᠎ᠠ ᠶᠢᠨ ᠪᠡᠯᠡᠳᠬᠡᠯ ᠠᠵᠢᠯ ᠢ ᠬᠢᠵᠦ᠂ ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠪᠡᠷᠯᠡᠨ ᠠᠷᠢᠭᠤᠳᠬᠠᠵᠤ᠂ ᠬᠡᠦᠬᠡᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃
     ᠰᠤᠷᠭᠠᠭᠤᠯᠢ ᠡᠬᠢᠯᠡᠭᠰᠡᠨ ᠲᠤᠬᠠᠶ ᠶᠢᠨ ᠡᠳᠦᠷ᠂ ᠴᠡᠴᠡᠷᠯᠢᠭ ᠤᠨ ᠳᠠᠷᠤᠭ᠎ᠠ ᠬᠡᠤᠬᠡᠳ ᠤᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠨ ᠥᠭᠴᠦ᠂ ᠮᠧᠩ ᠯᠦᠩ ᠪᠠᠭ᠎ᠠ ᠠᠩᠭᠢ ᠶᠢᠨ ︽ᠯᠣᠤ︾ ᠳᠠᠬᠢᠨᠲᠠ ᠲᠠᠶᠢᠰᠠᠨ ᠳᠤ ᠭᠠᠷᠴᠤ᠂ ᠭᠤᠶᠢᠳᠠ ᠰᠠᠶᠢᠬᠠᠨ ᠯᠣᠤ ᠶᠢᠨ ᠪᠥᠵᠢᠭ ᠤᠨ ᠲᠣᠭᠯᠠᠯᠲᠠ ᠭᠠᠷᠭᠠᠵᠤ᠂ ᠵᠣᠣ ᠵᠢᠶᠦ᠋ᠨ ᠦᠷ᠎ᠡ ᠲᠦᠭᠡᠭᠡᠨ ᠲᠡᠳᠡᠨ ᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠢᠳᠡᠷᠡᠭᠦᠨ ᠢᠶᠠᠷ ᠦᠰᠦᠨ ᠪᠤᠶᠢᠵᠢᠬᠤ ᠶᠢ ᠢᠷᠥᠭᠡᠪᠡ᠃ ᠲᠤᠬᠠᠢ ᠶᠢᠨ ᠲᠠᠯᠠᠪᠠᠢ ᠶᠢᠨ ᠬᠦᠷ ᠬᠥᠭᠵᠢᠶᠡᠨ ᠲᠠᠢ᠂ ᠠᠭᠤᠯᠭ᠎ᠠ ᠪᠠᠷ ᠪᠠᠶᠠᠯᠢᠭ᠂ ᠤᠯᠠᠨ ᠬᠡᠯᠪᠡᠷᠢ ᠶᠢᠨ ᠭᠤᠣᠯ ᠰᠡᠳᠦᠪᠲᠦ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠥᠩᠭᠡᠷᠡᠭᠰᠡᠨ ᠤ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠰᠡᠷᠭᠦᠭᠡᠵᠦ᠂ ᠬᠡᠦᠬᠡᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠠᠶᠠᠷ ᠪᠠᠶᠠᠰᠬᠤᠯᠠᠩ ᠲᠠᠢ ᠪᠠᠶᠢᠬᠤ ᠶᠢ ᠬᠦᠰᠡᠨ ᠪᠠᠷᠠᠯᠠᠵᠠᠢ᠃
     ᠭᠤᠷᠪᠠᠳᠤᠭᠠᠷ ᠬᠡᠦᠬᠡᠳ ᠤᠨ ᠴᠡᠴᠡᠷᠯᠢᠭ ᠨᠢ ᠬᠡᠦᠬᠡᠳ ᠤᠳ ᠲᠤ ᠶᠣᠰᠣᠯᠠᠯ ᠤᠨ ᠰᠡᠳᠬᠢᠯᠭᠡ ᠲᠡᠭᠦᠯᠳᠡᠷ ᠰᠤᠷᠤᠯᠭ᠎ᠠ ᠡᠬᠢᠯᠡᠬᠦ ᠠᠭᠤᠷ ᠠᠮᠢᠰᠬᠤᠯ ᠢ ᠪᠤᠢ ᠪᠣᠯᠭᠠᠵᠤ ᠥᠭᠴᠡᠢ᠂ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠬᠡᠦᠬᠡᠳ ᠤᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠤᠬᠠᠢ ᠬᠠᠯᠠᠭᠤᠨ ᠰᠡᠳᠬᠢᠯᠭᠡ ᠪᠠ ᠬᠦᠰᠡᠯ ᠡᠷᠡᠮᠡᠯᠵᠡᠯ ᠢ ᠬᠥᠭᠵᠢᠭᠡᠵᠦ᠂ ᠴᠤ᠋ ᠰᠢᠨ᠎ᠡ ᠠᠶᠠᠨ ᠢᠶᠠᠨ ᠡᠬᠢᠯᠡᠭᠦᠯᠵᠦ᠂ ᠬᠤᠪᠣᠷ ᠨᠠᠨᠳᠢᠨ ᠡᠷᠭᠢᠴᠡᠭᠦᠯᠦᠯ ᠢ ᠡᠭᠦᠳᠴᠦ᠂ ᠬᠡᠦᠬᠡᠳ ᠤᠳ ᠲᠠᠢ ᠭᠠᠷ ᠬᠤᠯᠪᠣᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠬᠤ ᠶᠢ ᠬᠦᠰᠡᠵᠦ ᠪᠠᠶᠢᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ  
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号