ᠬᠥᠬᠡᠬᠤᠲᠠ ᠳᠤ ᠳᠠᠬᠢᠨᠲᠠ ᠶᠡᠭᠡ ᠴᠠᠰᠤ ᠤᠷᠤᠵᠤ᠂ ᠴᠠᠰᠤᠨ ᠤ ᠬᠤᠳᠠ ᠶᠢᠨ ᠠᠷᠠᠳ ᠤᠨ ᠵᠠᠮ ᠬᠠᠷᠢᠯᠴᠠᠭ᠎ᠠ᠂ | ᠠᠵᠢᠯ ᠠᠮᠢᠳᠤᠷᠠᠯ ᠳᠤ ᠦᠵᠡᠭᠦᠯᠬᠦ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠢᠦᠢ ᠴᠢᠤᠸᠠᠨ | ᠲᠣᠭᠤᠷᠢᠭ ᠤᠨ ᠬᠢᠨ ᠰᠥᠨᠢᠵᠢᠨ ᠴᠠᠰᠤ ᠴᠡᠪᠡᠷᠯᠡᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠰᠠᠨᠠᠭ᠎ᠠ | ᠠᠮᠤᠷ ᠪᠠᠶᠢᠬᠤ ᠶᠢ ᠪᠠᠲᠤᠯᠠᠪᠠ᠃ | | | | | 2 ᠳ᠋ᠤᠭᠠᠷ ᠰᠠᠷ᠎ᠠ ᠶᠢᠨ 26 ᠤ ᠣᠷᠣᠶ᠂ ᠢᠦᠶ ᠴᠢᠤᠸᠠᠨ ᠲᠣᠭᠤᠷᠢᠭ ᠤᠨ ᠬᠢᠨ ᠴᠠᠰᠤᠨ ᠤ ᠪᠠᠶᠢᠳᠠᠯ ᠤᠨ | ᠰᠡᠷᠡᠮᠵᠢ ᠶᠢᠨ ᠳᠣᠬᠢᠶ᠎ᠠ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠴᠠᠰᠤ ᠠᠷᠢᠯᠭᠠᠬᠤ ᠪᠠᠴᠢᠮ ᠪᠠᠶᠢᠳᠠᠯ ᠢ | ᠠᠷᠭᠠᠴᠠᠭᠠᠬᠤ ᠲᠥᠰᠦᠯ ᠢᠶᠠᠨ ᠡᠬᠢᠯᠡᠭᠦᠯᠪᠡ᠃ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠵᠠᠮ ᠳᠤ ᠭᠠᠷᠭᠠᠵᠤ᠂ | ᠰᠥᠨᠢᠵᠢᠨ ᠦᠷᠭᠦᠯᠵᠢᠯᠡᠨ ᠠᠵᠢᠯᠯᠠᠭᠤᠯᠵᠤ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ᠂ ᠬᠤᠲᠠ ᠶᠢᠨ | ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠦᠨᠡᠨ ᠬᠦ ᠪᠠᠲᠤᠯᠠᠪᠠ᠃ | | | | | ︽ᠴᠠᠰᠤ ᠣᠷᠣᠭᠠᠳ ᠵᠣᠭᠰᠣᠬᠤ ᠥᠬᠡᠶ ᠪᠤᠯ ᠠᠵᠢᠯ ᠵᠣᠭᠰᠣᠬᠤ ᠥᠬᠡᠶ︾ ᠪᠠᠶᠢᠬᠤ ᠵᠠᠷᠴᠢᠮ ᠶᠣᠰᠣᠭᠠᠷ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠭᠤᠤᠯ ᠬᠤᠲᠠ ᠶᠢᠨ ᠲᠣᠭᠤᠷᠢᠭ ᠤᠨ ᠭᠤᠤᠯᠳᠠᠯᠭ᠎ᠠ ᠲᠠᠢ | ᠵᠠᠮ᠂ ᠣᠷᠣᠨ ᠪᠦᠰᠡ ᠪᠠ ᠵᠠᠩᠭᠢᠯᠠᠭ᠎ᠠ ᠶᠢᠨ ᠴᠡᠭ ᠲᠤ ᠡᠮᠬᠢ ᠵᠢᠷᠤᠮ ᠲᠠᠢ ᠪᠠᠷ ᠠᠵᠢᠯᠯᠠᠵᠤ᠂ ᠵᠠᠮ ᠨᠡᠪᠲᠡᠷᠡᠬᠦ | ᠨᠥᠬᠦᠴᠡᠯ ᠢ ᠠᠯᠢ ᠲᠦᠷᠭᠡᠨ ᠢᠶᠠᠷ ᠰᠡᠷᠭᠦᠭᠡᠪᠡ᠃ 27 ᠤ ᠡᠳᠦᠷ ᠪᠣᠯᠲᠠᠯ᠎ᠠ ᠴᠡᠪᠡᠷᠯᠡᠭᠴᠢ 2197 ᠬᠥᠮᠦᠨ᠂ ᠴᠠᠰᠤ | ᠮᠥᠰᠥ ᠶᠢ ᠠᠷᠢᠯᠭᠠᠬᠤ ᠮᠠᠰᠢᠨ ᠲᠡᠷᠭᠡ 79 ᠭᠠᠷᠭᠠᠵᠠᠶ᠃ ︽ᠮᠠᠰᠢᠨ ᠮᠧᠬᠠᠨᠢᠭ ᠢᠶᠠᠷ ᠭᠤᠤᠯ ᠪᠣᠯᠭᠠᠵᠤ᠂ ᠬᠥᠮᠦᠨ ᠤ | ᠬᠦᠴᠦ ᠪᠠᠷ ᠬᠠᠪᠰᠤᠷᠤᠮᠵᠢ ᠪᠣᠯᠭᠠᠬᠤ︾ ᠴᠠᠰᠤ ᠴᠡᠪᠡᠷᠯᠡᠬᠦ ᠵᠠᠭᠪᠤᠷ ᠢ ᠬᠡᠷᠡᠭᠯᠡᠨ᠂ ᠴᠠᠰᠤ ᠵᠣᠭᠰᠣᠬᠤ ᠳᠤ ᠵᠠᠮ | ᠨᠡᠪᠲᠡᠷᠡᠬᠦ ᠶᠢ ᠦᠨᠡᠨᠬᠦ ᠪᠠᠲᠤᠯᠠᠪᠠ᠃ | | | | | ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ | ᠬᠤᠲᠠ ᠶᠢᠨ ᠠᠷᠠᠳ ᠤᠨ ᠶᠠᠪᠤᠵᠤ ᠰᠠᠭᠤᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠢ᠃ | ᠲᠠᠷᠠᠭᠠᠴᠢ ᠶᠢᠨ ᠠᠯᠬᠤᠮ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠣᠶᠤᠨᠴᠢ ᠲᠠᠪᠴᠠᠩ ᠢ | ᠦᠷᠭᠦᠯᠵᠢᠯᠡᠨ ᠠᠰᠢᠭᠯᠠᠵᠤ᠂ ᠲᠣᠭᠠᠴᠢᠯᠠᠭᠰᠠᠨ ᠬᠢᠨᠠᠨ ᠡᠵᠡᠮᠰᠢᠯ ᠪᠠ ᠴᠠᠭ ᠲᠤᠬᠠᠶ ᠳᠤᠨᠢ ᠲᠣᠬᠢᠷᠠᠭᠤᠯᠬᠤ ᠪᠠᠷ | ᠳᠡᠮᠵᠢᠨ᠂ ᠠᠵᠢᠯᠯᠠᠬᠤ ᠬᠦᠴᠦᠨ ᠢᠶᠠᠨ ᠬᠥᠳᠡᠯᠦᠩᠭᠦᠶ ᠪᠠᠷ ᠳᠣᠭᠢᠷᠠᠭᠤᠯᠵᠤ᠂ ᠴᠠᠰᠤ ᠮᠥᠰᠥ ᠶᠢ ᠠᠷᠢᠯᠭᠠᠬᠤ ᠳᠤ | ᠥᠨᠴᠥᠭ ᠪᠤᠯᠤᠩ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |