ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ᠄ ᠴᠠᠰᠤ ᠤᠷᠤᠬᠤ ᠳᠤ ᠰᠤᠷᠭᠠᠭᠤᠯᠢ ᠡᠬᠢᠯᠡᠵᠦ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ᠴᠠᠰᠤ ᠴᠡᠪᠡᠷᠯᠡᠵᠦ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠪᠠ 
ᠨᠡᠶᠢᠲᠡᠯᠡᠭᠰᠡᠨ ᠴᠠᠭ᠄
2024/2/28
     2 ᠳ᠋ᠤᠭᠠᠷ ᠰᠠᠷ᠎ᠠ ᠶᠢᠨ 27 ᠤ ᠡᠳᠦᠷ ᠤᠨ ᠥᠷᠯᠥᠭᠡ᠂ ᠦᠵᠡᠰᠬᠦᠯᠡᠩᠲᠦ ᠰᠠᠶᠢᠬᠠᠨ ᠬᠦᠬᠡᠬᠤᠲᠠ ᠳᠤ ᠳᠠᠬᠢᠨᠲᠠ ᠶᠡᠭᠡ ᠴᠠᠰᠤ ᠣᠷᠣᠵᠤ᠂ ᠵᠡᠭᠡᠯᠢ ᠭᠤᠳᠤᠮᠵᠢ ᠵᠣᠪ ᠵᠤᠵᠠᠭᠠᠨ ᠴᠠᠰᠤᠨ ᠳᠤ ᠬᠤᠴᠢᠭᠳᠠᠵᠠᠶ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠡᠭᠡᠯᠢ ᠭᠤᠳᠤᠮᠵᠢ ᠪᠠᠷ ᠴᠠᠰᠤ ᠣᠷᠣᠵᠤ᠂ ᠥᠷᠯᠥᠭᠡ ᠡᠷᠲᠡ ᠰᠤᠷᠭᠠᠭᠤᠯᠢ ᠳᠤ ᠶᠠᠪᠤᠵᠤ ᠪᠠᠶᠢᠭ᠎ᠠ ᠪᠠᠭᠰᠢ ᠰᠤᠷᠤᠭᠴᠢᠳ ᠤᠨ ᠶᠠᠪᠤᠵᠤ ᠰᠠᠭᠤᠬᠤ ᠳᠤ ᠬᠦᠴᠢᠷᠳᠡᠯ ᠤᠴᠠᠷᠠᠭᠤᠯᠪᠠ᠃
     ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ︽ᠴᠠᠰᠤ ᠪᠠᠷ ᠵᠠᠷᠯᠢᠭ ᠪᠣᠯᠭᠠᠵᠤ︾᠂ ᠬᠠᠤᠯᠢ ᠬᠡᠷᠡᠭᠵᠢᠭᠦᠯᠬᠦ ᠠᠵᠢᠯᠲᠠᠳ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠵᠡᠭᠡᠯᠢ ᠳᠠᠭᠠᠤ ᠶᠢᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭᠠᠲᠤ ᠬᠤᠳᠠᠯᠳᠤᠭᠠᠴᠢᠨ ᠢ ᠢᠳᠡᠪᠬᠢᠲᠡᠢ ᠳᠠᠶᠢᠴᠢᠯᠠᠵᠤ᠂ ᠬᠠᠷᠢᠭᠤᠴᠠᠯᠭ᠎ᠠ ᠶᠢᠨ ᠲᠣᠭᠤᠷᠢᠭ ᠤᠨ ᠬᠡᠪᠴᠢᠶᠡᠨ ᠳᠠᠬᠢ ᠬᠤᠷᠠᠭᠰᠠᠨ ᠴᠠᠰᠤ ᠮᠥᠰᠥ ᠶᠢ ᠪᠦᠬᠦ ᠬᠦᠴᠦᠨ ᠢᠶᠠᠷ ᠢᠶᠠᠨ ᠴᠡᠪᠡᠷᠯᠡᠪᠡ᠃ ᠡᠭᠦᠨ ᠤ ᠬᠠᠮᠲᠤ᠂ ︽ᠰᠤᠷᠤᠯᠴᠠᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠦᠷᠢᠮ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠵᠠᠮ ᠳᠡᠭᠡᠷ᠎ᠡ ᠴᠠᠰᠤ ᠬᠥᠯᠳᠡᠭᠰᠡᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠴᠠᠰᠤ ᠮᠥᠰᠥ ᠶᠢ ᠠᠷᠢᠯᠭᠠᠬᠤ ᠠᠵᠢᠯ ᠢ ᠡᠩ ᠲᠡᠷᠢᠭᠦᠨ ᠳᠤ ᠦᠷᠨᠢᠭᠦᠯᠪᠡ᠃
     ᠥᠷ ᠴᠠᠶᠢᠵᠤ᠂ ᠬᠠᠤᠯᠢ ᠬᠡᠷᠡᠭᠵᠢᠭᠦᠯᠬᠦ ᠠᠵᠢᠯᠲᠠᠳ ᠵᠠᠮ ᠤᠨ ᠳ᠋ᠧᠩ ᠤᠨ ᠭᠡᠷᠡᠯ ᠳᠤ ᠲᠦᠰᠢᠭᠯᠡᠨ ᠪᠠᠭᠰᠢ ᠰᠤᠷᠤᠭᠴᠢᠳ ᠰᠤᠷᠭᠠᠭᠤᠯᠢ ᠳᠠᠭᠠᠨ ᠬᠦᠷᠬᠦ ᠠᠴᠠ ᠡᠮᠦᠨᠡᠬᠡᠨ ᠰᠤᠷᠭᠠᠭᠤᠯᠢ ᠶᠢᠨ ᠡᠭᠦᠳᠡᠨ ᠤ ᠡᠮᠦᠨᠡᠬᠢ ᠬᠤᠷᠠᠭᠰᠠᠨ ᠴᠠᠰᠤ ᠶᠢ ᠦᠳᠲᠡᠷ ᠲᠦᠷᠭᠡᠨ ᠴᠡᠪᠡᠷᠯᠡᠵᠦ᠂ ᠲᠩᠷᠢ ᠠᠭᠠᠵᠢᠮ ᠢᠶᠠᠷ ᠭᠡᠭᠡᠷᠡᠵᠦ᠂ ᠴᠠᠰᠤ ᠯᠠᠪᠰᠠᠯᠠᠭᠰᠠᠭᠠᠷ ᠪᠠᠶᠢᠪᠠ᠂ ᠬᠠᠤᠯᠢ ᠬᠡᠷᠡᠭᠵᠢᠭᠦᠯᠬᠦ ᠠᠵᠢᠯᠲᠠᠳ ᠪᠠᠰᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠡᠭᠡᠯᠢ ᠭᠤᠳᠤᠮᠵᠢ ᠪᠠᠷ ᠠᠶᠠᠯᠠᠨ ᠶᠠᠪᠤᠵᠤ᠂ ᠵᠠᠮ ᠢ ᠪᠦᠷᠬᠦᠭᠰᠡᠨ ᠬᠤᠷᠠᠭᠰᠠᠨ ᠴᠠᠰᠤ ᠶᠢ ᠴᠡᠪᠡᠷᠯᠡᠵᠦ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠠᠭᠰᠢ ᠰᠤᠷᠤᠭᠴᠢᠳ ᠲᠤ ᠴᠡᠪᠡᠷ ᠲᠡᠭᠰᠢ᠂ ᠠᠮᠤᠷ ᠲᠦᠪᠰᠢᠨ ᠵᠠᠮ ᠢ ᠨᠡᠭᠡᠭᠡᠨ ᠥᠭᠴᠦ᠂ ᠲᠡᠳᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠤᠢᠢᠷ᠎ᠠ ᠶᠢᠨ ᠵᠢᠯ ᠠᠴᠠ᠂ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ︽ᠨᠠᠷᠢᠯᠢᠬᠵᠢᠭᠤᠯᠬᠤ︾ ᠤᠢᠢᠯᠠᠭᠠᠭᠳᠠᠬᠤᠨ ᠢ ᠡᠯ᠎ᠡ ᠲᠦᠷᠦᠯ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠢᠯᠠᠩᠭᠤᠶ᠎ᠠ ᠴᠠᠰᠤ ᠮᠥᠰᠥ ᠶᠢ ᠠᠷᠢᠯᠭᠠᠬᠤ ᠠᠵᠢᠯ ᠤᠨ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠤᠷᠢᠳᠠᠪᠠᠷ ᠪᠠᠲᠤᠯᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶ᠎ᠡ᠂ ᠡᠮᠨᠡᠯᠭᠡ ᠶᠢᠨ ᠬᠤᠷᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠤᠨ ᠬᠡᠪ ᠤᠨ ᠠᠵᠢᠯᠯᠠᠭᠠᠨ ᠳᠤ ᠬᠦᠴᠦᠲᠡᠢ ᠪᠠᠲᠤᠯᠠᠭ᠎ᠠ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ︽ᠨᠠᠷᠢᠯᠢᠬᠵᠢᠭᠤᠯᠤᠭᠰᠠᠨ︾ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠩ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号