ᠢᠦᠶ ᠴᠢᠤᠸᠠᠨ ᠲᠣᠭᠤᠷᠢᠭ ᠤᠨ ᠬᠢᠨ 2024 ᠣᠨ ᠤ ᠬᠠᠪᠤᠷ ᠤᠨ ᠰᠠᠯᠬᠢᠨ ᠤ ᠠᠵᠢᠯᠯᠠᠭ᠎ᠠ ᠶᠢᠨ ᠲᠤᠰᠬᠠᠶ ᠰᠢᠷᠢᠰ ᠠᠵᠢᠯᠯᠠᠭ᠎ᠠ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/2/29
     ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠪᠣᠯᠤᠨ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠨᠡᠶᠢᠭᠡᠮ ᠤᠨ ᠠᠵᠢᠯ ᠡᠷᠢᠭᠰᠡᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠲᠠᠯ᠎ᠠ ᠶᠢᠨ᠂ ᠣᠯᠠᠨ ᠬᠡᠯᠪᠡᠷᠢ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠢᠦᠢ ᠴᠢᠤᠸᠠᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠦᠯᠦᠭᠡ᠂ 2 ᠳ᠋ᠤᠭᠠᠷ ᠰᠠᠷ᠎ᠠ ᠶᠢᠨ 27 ᠤ ᠡᠳᠦᠷ᠂ 2024 ᠣᠨ ᠤ ᠢᠦᠢ ᠴᠢᠤᠸᠠᠨ ᠲᠣᠭᠤᠷᠢᠭ ᠤᠨ ᠬᠠᠪᠤᠷ ᠤᠨ ᠰᠠᠯᠬᠢᠨ ᠤ ᠠᠵᠢᠯᠯᠠᠭ᠎ᠠ ᠶᠢᠨ ᠲᠤᠰᠬᠠᠶ ᠰᠢᠷᠢᠰ ᠠᠵᠢᠯᠯᠠᠭ᠎ᠠ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ᠃
     ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠤ ᠬᠠᠷᠠᠭᠠᠨ ᠳᠠᠪᠲᠠᠮᠵᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠬᠡᠯᠪᠡᠷᠢ ᠪᠠᠷ ᠥᠷᠨᠢᠭᠦᠯᠵᠦ᠂ ᠲᠢᠭ᠋ ᠲᠤᠭ᠂ ᠪᠤᠰᠢᠭᠤ ᠭᠠᠷ ᠲᠠᠪᠴᠠᠩ ᠢᠶᠠᠷ ᠳᠠᠮᠵᠢᠭᠤᠯᠤᠨ ᠪᠥᠬᠦ ᠶᠠᠪᠤᠴᠠ ᠳᠤ ᠰᠢᠭᠤᠳ ᠨᠡᠪᠲᠡᠷᠡᠭᠦᠯᠵᠦ᠂ 50 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ 1980 ᠭᠠᠷᠤᠶ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠰᠢᠭᠤᠳ ᠨᠡᠪᠲᠡᠷᠡᠭᠦᠯᠭᠡ ᠶᠢᠨ ᠠᠬᠤᠶ ᠲᠠᠯᠠᠪᠠᠶ ᠳᠤ ᠥᠷᠭᠡᠨ ᠣᠯᠠᠨ ᠠᠵᠢᠯ ᠡᠷᠢᠭᠰᠡᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠭᠦᠢᠴᠡᠳ ᠬᠠᠷᠢᠭᠤᠯᠲᠠ ᠥᠭᠴᠦ᠂ ᠥᠷᠭᠡᠨ ᠣᠯᠠᠨ ᠠᠵᠢᠯ ᠡᠷᠢᠭᠰᠡᠳ ᠪᠠ ᠬᠥᠮᠦᠨ ᠬᠡᠷᠡᠭᠯᠡᠬᠦ ᠨᠢᠭᠡᠴᠢ ᠳᠤ ᠡᠯ᠎ᠡ ᠲᠥᠷᠥᠯ ᠤᠨ ᠠᠵᠢᠯ ᠤᠨ ᠪᠠᠶᠢᠷᠢ ᠶᠢᠨ ᠠᠭᠤᠯᠭ᠎ᠠ᠂ ᠴᠠᠯᠢᠩ ᠬᠥᠯᠥᠰᠥ ᠠᠰᠠᠷᠠᠮᠵᠢ ᠬᠠᠷᠠᠭᠠᠯᠵᠠᠯ ᠪᠠ ᠠᠵᠤ ᠠᠬᠤᠶᠢᠯᠠᠯ ᠤᠨ ᠬᠥᠮᠦᠨ ᠬᠡᠷᠡᠭᠯᠡᠬᠦ ᠠᠵᠢᠯᠴᠢᠨ ᠬᠡᠷᠡᠭᠯᠡᠬᠦ ᠪᠠᠶᠢᠳᠠᠯ ᠢ ᠨᠠᠷᠢᠨ ᠲᠠᠨᠢᠯᠴᠠᠭᠤᠯᠵᠠᠶ᠃
     ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠩ ᠣᠯᠠᠨ ᠠᠵᠢᠯ ᠡᠷᠢᠭᠰᠡᠳ ᠲᠤ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠰᠢᠭᠤᠳ ᠨᠡᠪᠲᠡᠷᠡᠭᠦᠯᠭᠡ ᠶᠢᠨ ᠳᠤᠮᠳᠠ ᠪᠠᠰᠠ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠳᠠᠯᠢ ᠪᠤᠰᠤ ᠠᠵᠢᠯ ᠣᠯᠤᠭᠰᠠᠳ ᠵᠢᠴᠢ ᠠᠵᠤ ᠠᠬᠤᠶᠢᠯᠠᠯ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠶᠢ ᠴᠠᠭ ᠲᠤᠬᠠᠶ ᠳᠤᠨᠢ ᠬᠠᠩᠭᠠᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠰᠦᠯᠵᠢᠶ᠎ᠡ ᠪᠠᠷ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 50730 ᠬᠥᠮᠦᠨ ᠤᠳᠠᠭ᠎ᠠ ᠦᠵᠡᠵᠦ᠂ ᠰᠢᠭᠤᠳ ᠨᠡᠪᠲᠡᠷᠡᠭᠦᠯᠭᠡ ᠶᠢᠨ ᠬᠠᠷᠢᠯᠴᠠᠨ ᠦᠢᠯᠡᠳᠦᠯᠴᠡᠭᠰᠡᠨ ᠨᠢ 3.2 ᠲᠦᠮᠡᠨ ᠬᠥᠮᠦᠨ ᠤᠳᠠᠭ᠎ᠠ ᠳᠤ ᠬᠦᠷᠴᠦ᠂ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠶᠢ 360 ᠬᠥᠮᠦᠨ ᠤᠳᠠᠭ᠎ᠠ ᠲᠣᠭᠲᠠᠭᠠᠵᠠᠶ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠢᠨ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠬᠦ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠠᠵᠢᠯ ᠡᠷᠢᠭᠰᠡᠳ ᠪᠠ ᠠᠵᠤ ᠠᠬᠤᠶᠢᠯᠠᠯ ᠳᠤ ᠨᠠᠩ ᠥᠷᠭᠡᠨ ᠳᠡᠯᠭᠡᠷ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠢᠦᠶ ᠴᠢᠤᠸᠠᠨ ᠲᠣᠭᠤᠷᠢᠭ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号