2024 ᠣᠨ ᠤ ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ︵ᠠᠯᠪᠠᠨ ᠤ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ︶ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠡᠷᠭᠢᠯᠡᠬᠦ ᠲᠤᠬᠠᠶ ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/2/29
     ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠶᠢᠨ ᠲᠤᠰᠠᠳᠠ᠂ ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠤᠨ ᠲᠣᠭᠲᠠᠭᠠᠬᠤ ᠪᠠᠷ ᠳᠡᠮᠵᠢᠨ᠂ ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ︵ᠠᠯᠪᠠᠨ ᠤ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ︶ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠵᠤ ᠡᠷᠭᠢᠯᠡᠬᠦ ᠪᠠᠷ ᠪᠣᠶ᠃ ᠡᠳᠦᠭᠡ ᠪᠣᠳᠠᠲᠠᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠣᠯᠪᠠᠰᠤᠷᠠᠭᠤᠯᠬᠤ ᠡᠲᠡᠭᠡᠳ      1. ᠲᠥᠪᠬᠢᠨᠡᠭᠦᠯᠬᠦ ᠭᠠᠵᠠᠷ ᠨᠢ ᠬᠥᠬᠡᠬᠤᠲᠠ ᠳᠤ ᠪᠠᠶᠢᠭ᠎ᠠ ᠨᠢᠭᠡᠨᠲᠡ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠤᠯᠭ᠎ᠠ ︵ᠠᠯᠪᠠᠨ ᠳᠤ ᠣᠷᠣᠯᠴᠠᠭᠰᠠᠨ ᠨᠢᠭᠡᠴᠢ︶ ᠶᠢᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠭᠰᠠᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠃      2. ᠲᠥᠪᠬᠢᠨᠡᠭᠦᠯᠬᠦ ᠭᠠᠵᠠᠷ ᠨᠢ ᠬᠥᠬᠡᠬᠤᠲᠠ ᠳᠤ ᠪᠠᠶᠢᠭ᠎ᠠ ᠡᠯ᠎ᠡ ᠲᠥᠷᠥᠯ ᠤᠨ ᠠᠯᠪᠠᠨ ᠤ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠳᠤ ᠣᠷᠣᠯᠴᠠᠬᠤ ᠰᠠᠨᠠᠭ᠎ᠠ ᠲᠠᠢ ᠪᠤᠰᠤᠳ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠃        ᠬᠤᠶᠠᠷ᠂ ᠪᠣᠯᠪᠠᠰᠤᠷᠠᠭᠤᠯᠤᠯ ᠤᠨ ᠠᠭᠤᠯᠭ᠎ᠠ      1. ᠥᠨᠳᠥᠷ ᠳᠠᠪᠲᠠᠮᠵᠢ ᠶᠢᠨ ᠰᠢᠯᠭᠠᠯᠲᠠ ᠶᠢᠨ ᠴᠡᠭ ᠤᠨ ᠵᠠᠳᠠᠯᠤᠯᠲᠠ᠄ ᠠᠯᠪᠠᠲᠠᠨ ᠤ ᠰᠢᠯᠭᠠᠯᠲᠠ ᠶᠢᠨ ᠥᠩᠭᠡᠷᠡᠭᠰᠡᠨ ᠵᠢᠯ ᠤᠳ ᠤᠨ ᠵᠢᠩᠬᠢᠨᠢ ᠰᠡᠳᠦᠪ ᠪᠠ ᠲᠥᠷᠥ ᠶᠢᠨ ᠪᠣᠳᠣᠯᠭ᠎ᠠ ᠶᠢᠨ ᠵᠠᠳᠠᠯᠤᠯᠲᠠ ᠳᠤ ᠴᠢᠭᠯᠡᠭᠦᠯᠦᠨ᠂ ᠰᠢᠯᠭᠠᠭᠤᠯᠤᠭᠴᠢ ᠶᠢ ᠬᠠᠪᠰᠤᠷᠤᠨ ᠥᠨᠳᠥᠷ ᠳᠠᠪᠲᠠᠮᠵᠢ ᠶᠢᠨ ᠰᠢᠯᠭᠠᠯᠲᠠ ᠶᠢᠨ ᠴᠡᠭ ᠢ ᠣᠶᠢᠯᠠᠭᠠᠭᠤᠯᠵᠤ᠂ ᠰᠡᠳᠦᠪ ᠪᠤᠳᠤᠬᠤ ᠤᠷ᠎ᠠ ᠮᠡᠷᠭᠡᠵᠢᠯ ᠢ ᠡᠵᠡᠮᠰᠢᠭᠦᠯᠦᠨ᠎ᠡ᠃      2. ᠠᠵᠢᠯ ᠲᠥᠷᠥᠯ ᠤᠨ ᠰᠢᠯᠭᠠᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ᠄ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠳᠤ ᠴᠢᠭᠯᠡᠭᠦᠯᠦᠨ᠂ ᠰᠠᠭᠤᠷᠢ ᠶᠢ ᠪᠠᠬᠢᠵᠢᠭᠦᠯᠬᠦ᠂ ᠰᠡᠳᠦᠪ ᠢ ᠢᠯᠭᠠᠨ ᠴᠢᠩᠭᠠᠷᠠᠭᠤᠯᠬᠤ᠂ ᠰᠢᠯᠭᠠᠯᠲᠠ ᠠᠴᠠ ᠡᠮᠦᠨ᠎ᠡ ᠰᠢᠪᠲᠤᠯᠤᠯᠲᠠ ᠬᠢᠬᠦ ᠵᠡᠷᠭᠡ ᠪᠣᠯᠪᠠᠰᠤᠷᠠᠯ ᠢ ᠬᠢᠵᠦ᠂ ᠲᠤᠰᠬᠠᠶ ᠲᠥᠷᠥᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠂ ᠡᠭᠦᠨ ᠳᠤ ᠬᠡᠯᠡᠨ ᠤ ᠣᠶᠢᠯᠠᠭᠠᠯᠲᠠ ᠪᠠ ᠢᠯᠡᠳᠬᠡᠯ᠂ ᠲᠤᠭ᠎ᠠ ᠬᠡᠮᠵᠢᠶᠡᠨ ᠤ ᠬᠠᠷᠢᠴᠠᠭ᠎ᠠ᠂ ᠮᠠᠭᠠᠳᠯᠠᠯᠲᠠ ᠮᠥᠷᠳᠡᠯᠭᠡ ᠵᠡᠷᠭᠡ ᠰᠢᠯᠭᠠᠯᠲᠠ ᠶᠢᠨ ᠴᠡᠭ ᠤᠨ ᠲᠠᠶᠢᠯᠤᠮᠵᠢ ᠪᠠ ᠪᠣᠯᠪᠠᠰᠤᠷᠠᠯ ᠢ ᠪᠠᠭᠲᠠᠭᠠᠵᠤ᠂ ᠰᠢᠯᠭᠠᠯᠲᠠ ᠶᠢᠨ ᠰᠡᠳᠦᠪ ᠬᠢᠬᠦ ᠬᠤᠷᠳᠤᠴᠠ ᠶᠢ ᠳᠡᠭᠡᠭᠰᠢᠯᠡᠭᠦᠯᠦᠨ᠎ᠡ᠃      3. ᠵᠣᠬᠢᠶᠠᠨ ᠪᠢᠴᠢᠯᠭᠡ ᠶᠢᠨ ᠥᠭᠦᠯᠡᠯᠲᠡ ᠶᠢᠨ ᠵᠢᠯᠣᠭᠤᠳᠣᠯᠭ᠎ᠠ᠄ ᠥᠩᠭᠡᠷᠡᠭᠰᠡᠨ ᠵᠢᠯ ᠤᠳ ᠤᠨ ᠰᠢᠯᠭᠠᠯᠲᠠ ᠶᠢᠨ ᠰᠡᠳᠦᠪ ᠢ ᠵᠠᠳᠠᠯᠤᠨ ᠰᠢᠨᠵᠢᠯᠡᠬᠦ ᠪᠠᠷ ᠳᠡᠮᠵᠢᠨ᠂ ᠵᠣᠬᠢᠶᠠᠨ ᠪᠢᠴᠢᠬᠦ ᠰᠡᠳᠬᠢᠮᠵᠢ ᠪᠠᠨ ᠲᠠᠶᠢᠯᠪᠤᠷᠢᠯᠠᠨ᠂ ᠰᠢᠯᠭᠠᠯᠲᠠ ᠶᠢᠨ ᠬᠥᠲᠥᠯᠪᠦᠷᠢ ᠶᠢᠨ ᠲᠣᠭᠤᠷᠢᠨ ᠳᠤ ᠰᠢᠯᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠡᠳᠦᠪ ᠬᠠᠷᠢᠭᠤᠯᠬᠤ ᠪᠦᠲᠦᠴᠡ ᠪᠠ ᠤᠷ᠎ᠠ ᠮᠡᠷᠭᠡᠵᠢᠯ ᠢᠶᠠᠨ ᠪᠣᠯᠪᠠᠰᠤᠷᠠᠭᠤᠯᠵᠤ᠂ ᠰᠢᠯᠭᠠᠭᠤᠯᠤᠭᠴᠢ ᠶᠢ ᠬᠠᠪᠰᠤᠷᠤᠨ ᠵᠣᠬᠢᠶᠠᠨ ᠪᠢᠴᠢᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃      4. ᠨᠢᠭᠤᠷᠲᠠᠨ ᠰᠢᠯᠭᠠᠯᠲᠠ ᠶᠢᠨ ᠬᠠᠪᠰᠤᠷᠤᠨ ᠵᠢᠯᠣᠭᠤᠳᠣᠯᠭ᠎ᠠ᠄ ᠪᠦᠲᠦᠴᠡ ᠶᠢᠨ ᠴᠢᠨᠠᠷᠲᠠᠶ ᠳᠠᠭᠤᠷᠢᠶᠠᠮᠠᠯ ᠨᠢᠭᠤᠷᠲᠠᠨ ᠰᠢᠯᠭᠠᠯᠲᠠ᠂ ᠨᠢᠭᠤᠷᠲᠠᠨ ᠰᠢᠯᠭᠠᠯᠲᠠ ᠶᠢᠨ ᠮᠡᠳᠡᠯᠭᠡ ᠶᠢ ᠲᠠᠶᠢᠯᠪᠤᠷᠢᠯᠠᠬᠤ᠂ ᠨᠢᠭᠤᠷᠲᠠᠨ ᠰᠢᠯᠭᠠᠯᠲᠠ ᠶᠢᠨ ᠤᠷ᠎ᠠ ᠮᠡᠷᠭᠡᠵᠢᠯ ᠤᠨ ᠵᠢᠯᠣᠭᠤᠳᠣᠯᠭ᠎ᠠ ᠵᠡᠷᠭᠡ ᠶᠢ ᠬᠠᠩᠭᠠᠵᠤ᠂ ᠰᠢᠯᠭᠠᠭᠤᠯᠤᠭᠴᠢ ᠶᠢ ᠬᠠᠪᠰᠤᠷᠤᠨ ᠨᠢᠭᠤᠷᠲᠠᠨ ᠰᠢᠯᠭᠠᠯᠲᠠ ᠶᠢᠨ ᠢᠲᠡᠭᠡᠯ ᠢ ᠨᠢ ᠨᠡᠮᠡᠭᠳᠡᠭᠦᠯᠵᠦ᠂ ᠰᠢᠯᠭᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃      ᠭᠤᠷᠪᠠ᠂ ᠪᠣᠯᠪᠠᠰᠤᠷᠠᠭᠤᠯᠬᠤ ᠴᠠᠭ ᠪᠠ ᠭᠠᠵᠠᠷ      1. ᠪᠣᠯᠪᠠᠰᠤᠷᠠᠭᠤᠯᠬᠤ ᠴᠠᠭ᠄ 2024 ᠣᠨ ᠤ 3 ᠳ᠋ᠤᠭᠠᠷ ᠰᠠᠷ᠎ᠠ ᠶᠢᠨ 5 ᠤ ᠡᠳᠦᠷ ᠠᠴᠠ 14 ᠤ ᠡᠳᠦᠷ ᠪᠣᠯᠲᠠᠯ᠎ᠠ᠂ ᠡᠭᠦᠨ ᠳᠤ 5 ᠡᠳᠦᠷ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠬᠡᠮᠵᠢᠨ ᠪᠠᠶᠢᠴᠠᠭᠠᠯᠲᠠ᠂ 4 ᠡᠳᠦᠷ ᠰᠢᠭᠦᠨ ᠦᠭᠦᠯᠡᠬᠦᠢ᠂ 1 ᠡᠳᠦᠷ ᠨᠢᠭᠤᠷᠲᠠᠨ ᠰᠢᠯᠭᠠᠵᠤ᠂ ᠨᠡᠶᠢᠲᠡ 10 ᠡᠳᠦᠷ ᠪᠣᠯᠪᠠᠰᠤᠷᠠᠭᠤᠯᠤᠨ᠎ᠠ᠃        2. ᠪᠣᠯᠪᠠᠰᠤᠷᠠᠭᠤᠯᠤᠯ ᠤᠨ ᠭᠠᠵᠠᠷ᠄ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠃      ᠳᠥᠷᠪᠡ᠂ ᠪᠤᠰᠤᠳ ᠱᠠᠭᠠᠷᠳᠠᠯᠭ᠎ᠠ      1. ᠲᠣᠰ ᠤᠳᠠᠭᠠᠨ ᠤ ᠪᠣᠯᠪᠠᠰᠤᠷᠠᠭᠤᠯᠤᠯ ᠳᠤ ᠪᠦᠷᠢᠨ ᠪᠢᠲᠡᠭᠦᠮᠵᠢᠯᠡᠭᠰᠡᠨ ᠲᠥᠪᠯᠡᠷᠡᠭᠦᠯᠦᠨ ᠪᠣᠯᠪᠠᠰᠤᠷᠠᠭᠤᠯᠬᠤ ᠬᠡᠯᠪᠡᠷᠢ ᠶᠢ ᠬᠡᠷᠡᠭᠯᠡᠨ᠎ᠡ᠃ ᠪᠣᠯᠪᠠᠰᠤᠷᠠᠯ ᠳᠤ ᠣᠷᠣᠯᠴᠠᠬᠤ ᠰᠤᠷᠤᠭᠴᠢᠳ 3 ᠳ᠋ᠤᠭᠠᠷ ᠰᠠᠷ᠎ᠠ ᠶᠢᠨ 4 ᠤ ᠡᠳᠦᠷ ᠤᠨ 15᠄ 00 — 18᠄ 00 ᠴᠠᠭ ᠲᠤ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠢᠩ ᠳ᠋ᠧ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠬᠦᠷᠴᠦ ᠨᠡᠷ᠎ᠡ ᠮᠡᠳᠡᠭᠦᠯᠬᠦ ᠬᠡᠷᠡᠭᠲᠡᠶ᠃      2. ᠪᠣᠯᠪᠠᠰᠤᠷᠠᠭᠤᠯᠤᠯ ᠳᠤ ᠣᠷᠣᠯᠴᠠᠬᠤ ᠰᠤᠷᠤᠭᠴᠢᠳ ᠤᠷᠢᠳᠠᠪᠠᠷ ᠲᠥᠪᠬᠢᠨᠡᠭᠦᠯᠬᠦ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠦᠷᠴᠦ ︽ᠬᠥᠬᠡᠬᠤᠲᠠ ᠶᠢᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ ᠲᠠᠮᠠᠭ᠎ᠠ ᠳᠠᠷᠤᠵᠤ᠂ ᠠᠩᠭᠢ ᠡᠬᠢᠯᠡᠵᠦ ᠨᠡᠷ᠎ᠡ ᠮᠡᠳᠡᠭᠦᠯᠬᠦ ᠦᠶ᠎ᠡ ᠳᠤ ᠠᠪᠴᠤ ᠳᠡᠭᠡᠭᠰᠢ ᠲᠤᠰᠢᠶᠠᠨ᠎ᠠ᠃      3. ᠲᠣᠰ ᠤᠳᠠᠭᠠᠨ ᠤ ᠪᠣᠯᠪᠠᠰᠤᠷᠠᠭᠤᠯᠤᠯ ᠤᠨ ᠵᠢᠭᠠᠨ ᠰᠤᠷᠭᠠᠯᠲᠠ ᠶᠢᠨ ᠵᠠᠷᠤᠳᠠᠯ᠂ ᠬᠤᠭᠤᠯᠠ ᠬᠤᠨᠤᠭ ᠤᠨ ᠵᠠᠷᠤᠳᠠᠯ ᠢ ᠭᠤᠤᠯᠯᠠᠨ ᠡᠷᠭᠢᠯᠡᠬᠦ ᠲᠠᠯ᠎ᠠ ᠠᠴᠠ ᠡᠭᠦᠷᠭᠡᠯᠡᠵᠦ᠂ ᠨᠠᠭᠠᠰᠢ ᠴᠠᠭᠠᠰᠢ ᠶᠠᠪᠤᠬᠤ ᠵᠠᠮ ᠬᠠᠷᠢᠯᠴᠠᠭᠠᠨ ᠤ ᠵᠠᠷᠤᠳᠠᠯ ᠢ ᠰᠤᠷᠤᠭᠴᠢᠳ ᠥᠪᠡᠷ ᠢᠶᠠᠨ ᠬᠠᠷᠢᠭᠤᠴᠠᠨ᠎ᠠ᠃      4. ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠵᠣᠬᠢᠶᠠᠨ ᠪᠠᠶᠢᠭᠤᠯᠤᠨ ᠳᠠᠶᠢᠴᠢᠯᠠᠵᠤ ᠤᠬᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ 3 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨᠠᠬᠢ 5 ᠴᠠᠭ ᠠᠴᠠ ᠡᠮᠦᠨ᠎ᠡ ᠪᠣᠯᠪᠠᠰᠤᠷᠠᠭᠤᠯᠤᠯ ᠳᠤ ᠣᠷᠣᠯᠴᠠᠬᠤ ᠰᠤᠷᠤᠭᠴᠢᠳ ᠤᠨ ᠨᠡᠷᠡᠰ ᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠵᠢᠯ ᠣᠯᠭᠤᠵᠤ ᠠᠳᠠᠯ  ᠦᠢᠯᠡᠰ ᠴᠣᠭᠴᠠᠯᠠᠬᠤ ᠰᠠᠯᠠᠭ᠎ᠠ ᠳᠤ ᠮᠡᠳᠡᠭᠦᠯᠦᠭᠡᠷᠡᠶ᠃      ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ                             2024 ᠣᠨ ᠤ 2 ᠳ᠋ᠤᠭᠠᠷ ᠰᠠᠷ᠎ᠠ ᠶᠢᠨ 27 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号