ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠪᠡᠶᠡᠴᠢᠯᠡᠨ ᠤᠶᠢᠯᠠᠭᠠᠶ᠎ᠠ
ᠨᠡᠶᠢᠲᠡᠯᠡᠭᠰᠡᠨ ᠴᠠᠭ᠄
2024/2/29
     2 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠵᠢᠦᠢ ᠬᠤᠸᠠ ᠪᠦᠯᠦᠭᠯᠡᠯ ᠤᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠰᠤᠷᠤᠭᠴᠢᠳ ᠲᠤ ᠠᠮᠢᠳᠤᠯᠢᠭ ᠰᠣᠨᠢᠷᠬᠠᠯᠲᠠᠢ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠠᠪᠴᠢᠷᠠᠵᠤ ᠥᠭᠪᠡ᠃ ᠠᠬᠤᠢ ᠲᠠᠯᠠᠪᠠᠢ ᠳᠤ᠂ ᠰᠤᠷᠤᠭᠴᠢᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠬᠠᠷᠢᠯᠴᠠᠨ ᠦᠢᠯᠡᠳᠦᠯᠴᠡᠬᠦ ᠦᠵᠡᠭᠦᠯᠦᠯᠭᠡ ᠶᠢᠨ ᠵᠦᠢᠯᠡᠰ ᠢ ᠪᠡᠶᠡᠴᠢᠯᠡᠨ ᠣᠶᠢᠯᠠᠭᠠᠬᠤ ᠳᠤ ᠣᠷᠣᠯᠴᠠᠭᠰᠠᠨ ᠢᠶᠠᠷ ᠪᠠᠷᠠᠬᠤ ᠦᠭᠡᠢ ᠪᠠᠰᠠ ᠭᠤᠶᠢᠳᠠ ᠰᠠᠶᠢᠬᠠᠨ ︽ᠲᠦᠷᠪᠡᠨ ᠬᠥᠯᠲᠦ ᠮᠠᠰᠢᠨ ᠬᠥᠮᠥᠨ︾ ᠤ ᠲᠣᠭᠯᠠᠯᠲᠠ ᠶᠢ ᠰᠣᠨᠢᠷᠬᠠᠪᠠ᠃
     ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠵᠣᠷᠢᠯᠭ᠎ᠠ ᠨᠢ ᠰᠢᠭᠤᠳ ᠦᠵᠡᠭᠦᠯᠬᠦ᠂ ᠳᠦᠷᠰᠦᠯᠢᠭ ᠬᠡᠯᠪᠡᠷᠢ ᠪᠠᠷ ᠰᠤᠷᠤᠭᠴᠢᠳ ᠲᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠤ ᠰᠢᠨᠵᠢᠯᠡᠬᠦ ᠤᠬᠠᠭᠠᠨ ᠳᠤ ᠬᠠᠶᠢᠷᠠᠲᠠᠢ ᠪᠣᠯᠭᠠᠵᠤ᠂ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠭᠵᠢᠭᠡᠬᠦ ᠶᠢᠨ ᠲᠥᠯᠥᠭᠡ ᠶᠤᠮ᠃ ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号