︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠢᠦᠢ ᠴᠢᠤᠸᠠᠨ ᠲᠣᠭᠤᠷᠢᠭ ᠤᠨ ᠵᠠᠩᠭᠢ ᠶᠢᠨ ᠠᠶᠢᠯ ᠲᠣᠰᠬᠤᠨ ᠳᠤ ᠣᠷᠣᠪᠠ
ᠨᠡᠶᠢᠲᠡᠯᠡᠭᠰᠡᠨ ᠴᠠᠭ᠄
2024/2/29
     ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠵᠠᠩᠭᠢ ᠶᠢᠨ ᠠᠶᠢᠯ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠴᠠᠭ ᠦᠶ᠎ᠡ ᠶᠢᠨ ᠦᠯᠢᠭᠡᠷ ᠳᠠᠭᠤᠷᠢᠶᠠᠯ ᠠᠴᠠ ᠰᠤᠷᠤᠯᠴᠠᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠠᠳᠠᠷᠠᠭᠤᠯᠵᠤ᠂ ᠲᠡᠮᠡᠴᠡᠯ ᠤᠨ ᠬᠦᠴᠦᠨ ᠢ ᠬᠥᠭᠵᠢᠭᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠦᠭ ᠲᠦᠮᠡᠨ ᠠᠶᠢᠯ ᠡᠷᠤᠭᠡ ᠳᠤ ᠬᠦᠷᠭᠡᠵᠡᠢ᠃
     ᠠᠵᠢᠯᠯᠠᠭ᠎ᠠ ᠶᠢᠨ ᠳᠤᠮᠳᠠ᠂ ᠵᠠᠩᠭᠢ ᠶᠢᠨ ᠠᠶᠢᠯ ᠲᠣᠰᠬᠤᠨ ᠤ ᠬᠢᠨ ᠢᠦᠢ ᠴᠢᠤᠸᠠᠨ ᠲᠣᠭᠤᠷᠢᠭ ᠤᠨ ︽ᠬᠦᠬᠡᠬᠤᠲᠠ ᠶᠢᠨ ᠭᠡᠷᠡᠯ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠦᠨ ᠱᠤ᠋ ᠴᠢᠩ ᠪᠠᠭᠰᠢ ᠶᠢ ᠤᠷᠢᠵᠤ ︽ᠲᠦᠷᠪᠡᠨ ᠲᠡᠦᠬᠡ︾ ᠪᠠᠷ ᠭᠤᠣᠯ ᠰᠡᠳᠦᠪ ᠪᠤᠯᠭᠠᠵᠤ᠂ ᠭᠤᠶᠢᠳᠠ ᠰᠠᠶᠢᠬᠠᠨ ᠠᠭᠤᠯᠭ᠎ᠠ᠂ ᠴᠢᠩ ᠦᠨᠡᠨᠴᠢ ᠬᠠᠶᠢᠷ᠎ᠠ ᠰᠡᠳᠬᠢᠯᠭᠡ᠂ ᠤᠷᠤᠰᠤᠮ᠎ᠠ ᠰᠠᠶᠢᠬᠠᠨ ᠦᠭᠡ ᠬᠡᠯᠡ ᠪᠠᠷ ᠵᠠᠩᠭᠢ ᠶᠢᠨ ᠠᠶᠢᠯ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠵᠤ᠂ ᠰᠣᠨᠣᠰᠤᠭᠴᠢᠳ ᠲᠤ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷᠠᠬᠢ ᠴᠢᠬᠤᠯᠠ ᠠᠴᠢ ᠬᠤᠯᠪᠣᠭᠳᠠᠯ ᠪᠠ ᠠᠭᠤᠯᠤᠭᠳᠠᠬᠤᠨ ᠢ ᠰᠡᠳᠬᠢᠭᠦᠯᠵᠦ᠂ ᠬᠤᠪᠢᠰᠬᠠᠯ ᠤᠨ ᠲᠡᠦᠬᠡ ᠶᠢ ᠣᠶᠢᠯᠠᠭᠠᠵᠤ᠂ ᠬᠤᠪᠢᠰᠬᠠᠯ ᠤᠨ ᠢᠲᠡᠭᠡᠯ ᠪᠢᠰᠢᠷᠡᠯ ᠢ ᠤᠯᠠᠮᠵᠢᠯᠠᠪᠠ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠤᠯᠠᠨ ᠢ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠲᠠᠢ ᠪᠣᠯᠭᠠᠵᠤ᠂ ᠬᠤᠶᠢᠰᠢᠳᠠ ᠶᠢᠨ ᠠᠵᠢᠯ ᠳᠤᠮᠳᠠ ᠪᠠᠨ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠤᠨᠤᠯ ᠤᠨ ᠬᠡᠪ ᠪᠣᠯᠪᠠᠰᠤᠷᠠᠯ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃      ᠲᠤᠰ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠵᠠᠩᠭᠢ ᠶᠢᠨ ᠠᠶᠢᠯ ᠲᠣᠰᠬᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠲᠡᠦᠬᠡ ᠶᠢ ᠡᠷᠭᠢᠴᠡᠭᠦᠯᠵᠦ᠂ ᠲᠡᠦᠬᠡ ᠶᠢᠨ ᠲᠤᠷᠰᠢᠯᠭ᠎ᠠ ᠶᠢ ᠡᠵᠡᠮᠰᠢᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠠᠮ ᠪᠣᠯᠤᠨ ᠤᠯᠤᠰ ᠤᠨ ᠲᠤᠬᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠶᠢᠷ᠎ᠠ ᠰᠡᠳᠬᠢᠯᠭᠡ ᠶᠢ ᠮᠡᠳᠡᠷᠡᠬᠦ ᠶᠢ ᠴᠢᠩᠭᠠᠳᠬᠠᠵᠤ᠂ ᠬᠦᠴᠦᠨ ᠢᠶᠠᠨ ᠴᠢᠨᠠᠭᠰᠢᠳᠠ ᠨᠢᠭᠲᠠᠷᠠᠭᠤᠯᠵᠤ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠨ᠎ᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号