ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠳᠡᠭᠡᠨ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/29
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠤᠯᠢ︾ ᠶᠢ ᠤᠬᠠᠭᠤᠯᠬᠤ ᠪᠠ ᠬᠡᠷᠡᠭᠵᠢᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠢᠳᠡᠭᠡᠨ ᠤᠮᠳᠠᠭᠠᠨ ᠤ ᠲᠠᠯ᠎ᠠ ᠪᠠᠷ ᠪᠦᠷᠢᠯᠭᠡᠨ ᠰᠦᠢᠳᠭᠡᠬᠦ ᠶᠢ ᠬᠤᠷᠢᠭᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠮᠦᠨ᠎ᠡ ᠲᠣᠭᠤᠷᠢᠭ ᠲᠤ ︽ᠢᠳᠡᠭᠡᠨ ᠤ ᠵᠦᠢᠯ ᠢ ᠪᠦᠷᠢᠯᠭᠡᠨ ᠰᠦᠢᠳᠭᠡᠬᠦ ᠶᠢ ᠡᠰᠡᠷᠭᠦᠴᠡᠵᠦ᠂ ᠠᠷᠪᠢᠯᠠᠨ ᠭᠠᠮᠨᠠᠵᠤ ᠠᠵᠢᠯᠴᠢ ᠠᠷᠪᠢᠴᠢ ᠪᠠᠶᠢᠬᠤ ᠤᠬᠠᠮᠰᠠᠷ ᠢ ᠪᠣᠶ ᠪᠣᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠬᠦ ᠪᠠᠷ ᠨᠡᠶᠢᠲᠡᠯᠡᠭᠰᠡᠨ ᠪᠥᠭᠡᠳ ᠬᠤᠷᠠᠯ ᠳᠤ ᠣᠷᠣᠯᠴᠠᠭᠰᠠᠨ ᠪᠠᠭᠰᠢ ᠰᠤᠷᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠤᠯᠢ︾ ᠶᠢ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠵᠦᠶ ᠵᠣᠬᠢᠰᠲᠠᠶ ᠬᠤᠭᠤᠯᠠ ᠵᠠᠬᠢᠶᠠᠯᠠᠬᠤ᠂ ᠪᠣᠯᠪᠠᠰᠤᠨ ᠢᠶᠠᠷ ᠬᠤᠭᠤᠯᠠ ᠢᠳᠡᠬᠦ ᠪᠣᠬᠢᠷᠲᠤᠯ ᠥᠬᠡᠶ ᠠᠮᠢᠳᠤᠷᠠᠯ ᠤᠨ ᠦᠵᠡᠯᠲᠡ ᠲᠠᠢ ᠪᠣᠯᠵᠣ᠂ ᠠᠮᠤ ᠪᠤᠳᠠᠭ᠎ᠠ ᠪᠠᠨ ᠨᠠᠨᠳᠢᠩᠨᠠᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠪᠡᠶ᠎ᠡ ᠪᠠᠷ ᠢᠶᠠᠨ ᠬᠡᠪ ᠲᠦᠷᠢᠮ ᠪᠣᠯᠵᠣ ᠢᠳᠡᠭᠡᠨ ᠤᠮᠳᠠᠭᠠᠨ ᠤ ᠵᠦᠢᠯ ᠢ ᠪᠦᠷᠢᠯᠭᠡᠨ ᠰᠦᠢᠳᠭᠡᠬᠦ ᠶᠢ ᠬᠤᠷᠢᠭᠯᠠᠬᠤ ᠬᠡᠷᠡᠭᠲᠡᠶ ᠭᠡᠵᠦ ᠤᠷᠢᠶᠠᠯᠠᠵᠠᠶ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠪᠣᠯᠤᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠶᠢᠨ ᠶᠠᠷᠢᠶ᠎ᠠ ᠢᠯᠡᠳᠬᠡᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠠᠵᠢᠯᠲᠠᠳ ︽ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠷᠪᠢᠯᠠᠨ ᠭᠠᠮᠨᠠᠬᠤ ᠶᠢ ᠡᠷᠬᠢᠮᠯᠡᠬᠦ︾ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠢᠳᠡᠭᠡᠨ ᠤ ᠵᠦᠢᠯ ᠢ ᠪᠦᠷᠢᠯᠭᠡᠨ ᠰᠦᠢᠳᠭᠡᠬᠦ ᠶᠢ ᠬᠤᠷᠢᠭᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠠᠮᠤ ᠪᠤᠳᠠᠭ᠎ᠠ ᠪᠠᠨ ᠨᠠᠨᠳᠢᠩᠨᠠᠵᠤ᠂ ᠬᠤᠭᠤᠰᠣᠨ ᠫᠢᠯᠠ ᠶᠢᠨ ᠬᠥᠳᠡᠯᠭᠡᠭᠡᠨ︾ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠪᠠᠭᠰᠢ ᠰᠤᠷᠤᠭᠴᠢᠳ ᠤᠨ ᠠᠮᠢᠳᠤᠷᠠᠯ ᠤᠨ ᠳᠤᠮᠳᠠ ᠰᠠᠶᠢᠨ ᠰᠠᠶᠢᠬᠠᠨ ᠵᠠᠩ ᠳᠠᠳᠬᠠᠯ ᠲᠠᠢ ᠪᠣᠯᠬᠤ ᠶᠢ ᠠᠬᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ ᠴᠢᠨᠠᠷ ᠢ ᠬᠦᠮᠦᠵᠢᠭᠦᠯᠪᠡ᠃  
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠢ ᠵᠦᠢᠯ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠮᠢᠶ᠎ᠠ ᠪᠥᠬᠦᠶ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠬᠤᠷᠢᠭᠯᠠᠬᠤ ᠰᠠᠨᠠᠭᠠᠴᠢᠯᠠᠭ᠎ᠠ ᠶᠢ ᠨᠡᠶᠢᠲᠡᠯᠡᠵᠦ᠂ ᠠᠷᠪᠢᠯᠠᠨ ᠭᠠᠮᠨᠠᠬᠤ ᠣᠶᠢᠯᠠᠭᠠᠭᠳᠠᠬᠤᠨ ᠢ ᠪᠣᠶ ᠪᠣᠯᠭᠠᠨ᠎ᠠ᠃ ᠪᠠᠭ᠎ᠠ ᠬᠡᠮᠵᠢᠶᠡᠨ ᠤ ᠨᠣᠭᠤᠭ᠎ᠠ᠂ ᠬᠠᠭᠠᠰ ᠬᠡᠮᠵᠢᠶᠡᠨ ᠤ ᠨᠣᠭᠤᠭ᠎ᠠ ᠬᠠᠩᠭᠠᠬᠤ ᠶᠢ ᠰᠠᠨᠠᠭᠠᠴᠢᠯᠠᠵᠤ᠂ ︽ᠬᠤᠭᠤᠰᠣᠨ ᠫᠢᠯᠠ ᠶᠢᠨ ᠬᠥᠳᠡᠯᠭᠡᠭᠡᠨ︾ ᠢ ᠥᠷᠨᠢᠭᠦᠯᠦᠨ᠂ ᠢᠳᠡᠭᠡᠨ ᠤᠮᠳᠠᠭᠠᠨ ᠤ ᠪᠦᠷᠢᠯᠭᠡᠬᠦ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ᠂ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号