2 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ︽ᠥᠨᠳᠡᠭᠡᠨ ᠡᠰ ᠠᠪᠬᠤ ᠮᠡᠷᠭᠡᠵᠢᠯ︾ ᠵᠡᠷᠭᠡ | ᠦᠷᠡᠵᠢᠯ ᠤᠨ ᠲᠥᠷᠥᠯ ᠤᠨ ᠡᠮᠴᠢᠯᠡᠭᠡᠨ ᠤ ᠵᠦᠢᠯᠡᠰ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ | ᠮᠠᠨ ᠤ ᠣᠷᠣᠨ ᠤ ᠦᠷᠡᠵᠢᠯ ᠢ ᠲᠤᠰᠠᠯᠠᠬᠤ ᠡᠮᠴᠢᠯᠡᠭᠡ ᠡᠮ ᠡᠮᠨᠡᠯᠭᠡ ᠶᠢᠨ ᠳᠠᠭᠠᠳᠬᠠᠯ ᠳᠤ ᠣᠷᠣᠭᠠᠳᠤᠢ ᠪᠠᠶᠢᠭᠰᠠᠨ ᠢ | ᠨᠥᠬᠦᠪᠦᠷᠢᠯᠡᠪᠡ᠃ | ᠣᠶᠢᠯᠠᠭᠠᠭᠰᠠᠨ ᠢᠶᠠᠷ᠂ ᠮᠠᠨ ᠤ ᠣᠷᠣᠨ ᠤᠤᠯ ᠤᠨ 37 ᠵᠦᠢᠯ ᠤᠨ ᠦᠷᠡᠵᠢᠯ ᠢ ᠲᠤᠰᠠᠯᠠᠬᠤ ᠡᠮᠴᠢᠯᠡᠭᠡᠨ ᠤ | ᠦᠢᠯᠡᠴᠢᠯᠡᠭᠡ ᠶᠢ 12 ᠵᠦᠢᠯ ᠪᠣᠯᠭᠠᠨ ᠡᠮᠬᠢᠯᠡᠨ ᠨᠡᠶᠢᠯᠡᠭᠦᠯᠵᠦ᠂ ᠦᠨ᠎ᠡ ᠲᠣᠭᠲᠠᠭᠠᠬᠤ ᠵᠠᠭᠪᠤᠷ ᠢ ᠡᠮᠴᠢᠯᠡᠭᠡᠨ ᠤ | ᠪᠠᠶᠢᠭᠤᠯᠤᠮᠵᠢ ᠥᠪᠡᠰᠦᠪᠡᠨ ᠦᠨ᠎ᠡ ᠲᠣᠭᠲᠠᠭᠠᠵᠤ ᠪᠠᠶᠢᠭᠰᠠᠨ ᠠᠴᠠ ᠵᠠᠰᠠᠭ ᠤᠨ ᠣᠷᠳᠣᠨ ᠤ ᠵᠢᠯᠤᠭᠤᠳᠬᠤ ᠦᠨ᠎ᠡ | ᠪᠣᠯᠭᠠᠨ ᠬᠤᠪᠢᠷᠠᠭᠤᠯᠵᠤ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨ᠎ᠡ ᠬᠠᠩᠰᠢ ᠨᠢ ᠳᠤᠮᠳᠠᠴᠢ ᠪᠠᠷ 20% ᠪᠠᠷ | ᠪᠠᠭᠤᠷᠠᠪᠠ᠂ ᠵᠢᠱᠢᠶᠡᠯᠡᠪᠡᠯ ᠲᠣᠬᠢᠷᠠᠭᠤᠯᠤᠯᠲᠠ ᠬᠢᠬᠦ ᠠᠴᠠ ᠡᠮᠦᠨ᠎ᠡ ︽ᠭᠦᠪᠦᠷᠡᠯ ᠪᠤᠶᠢᠵᠢᠭᠤᠯᠬᠤ︾ ᠡᠮᠴᠢᠯᠡᠭᠡ ᠶᠢᠨ | ᠬᠠᠮᠤᠭ ᠤᠨ ᠥᠨᠳᠥᠷ ᠦᠨ᠎ᠡ ᠨᠢ 12500 ᠲᠥᠭᠦᠷᠢᠭ ᠪᠠᠶᠢᠭᠰᠠᠨ ᠪᠣᠯ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ | 4200 ᠲᠥᠭᠦᠷᠢᠭ ᠪᠣᠯᠵᠤ᠂ ᠪᠠᠭᠤᠷᠠᠯᠲᠠ ᠶᠢᠨ ᠬᠡᠮᠵᠢᠶ᠎ᠡ ᠨᠢ 66.4% ᠳᠤ ᠬᠦᠷᠴᠡᠢ᠃ | ᠮᠠᠨ ᠤ ᠣᠷᠣᠨ ᠦᠨ᠎ᠡ ᠬᠠᠩᠰᠢ ᠶᠢ ᠶᠡᠭᠡ ᠪᠠᠷ ᠪᠠᠭᠤᠷᠠᠭᠤᠯᠤᠭᠰᠠᠨ ᠤ ᠰᠠᠭᠤᠷᠢᠨ ᠳᠡᠭᠡᠷ᠎ᠡ᠂ ᠥᠨᠳᠡᠭᠡᠨ ᠡᠰ | ᠠᠪᠬᠤ ᠮᠡᠷᠭᠡᠵᠢᠯ᠂ ᠭᠦᠪᠦᠷᠡᠯ ᠪᠤᠶᠢᠵᠢᠭᠤᠯᠬᠤ ᠮᠡᠷᠭᠡᠵᠢᠯ ᠵᠡᠷᠭᠡ ᠦᠷᠡᠵᠢᠯ ᠢ ᠲᠤᠰᠠᠯᠠᠬᠤ ᠡᠮᠴᠢᠯᠡᠭᠡᠨ ᠤ | ᠦᠢᠯᠡᠴᠢᠯᠡᠭᠡ ᠶᠢᠨ 8 ᠲᠥᠷᠥᠯ ᠵᠦᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠪᠠ᠃ ᠲᠣᠰ ᠤᠳᠠᠭ᠎ᠠ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠭᠰᠠᠨ ᠡᠮᠴᠢᠯᠡᠭᠡ | ᠶᠢᠨ ᠦᠢᠯᠡᠴᠢᠯᠡᠭᠡᠨ ᠤ ᠲᠥᠷᠥᠯ ᠵᠦᠢᠯ ᠢ ᠡᠭᠦᠳᠡᠨ ᠡᠮᠨᠡᠯᠭᠡ ᠳᠤ ᠲᠤᠰᠠᠭᠠᠷ ᠲᠣᠭᠠᠴᠠᠭ᠎ᠠ ᠬᠢᠵᠦ᠂ ᠡᠬᠢᠯᠡᠵᠦ | ᠪᠤᠳᠤᠬᠤ ᠱᠤᠭᠤᠮ ᠭᠠᠷᠭᠠᠬᠤ ᠦᠭᠡᠢ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ᠢᠯᠡᠭᠦᠦ | ᠲᠤᠰᠢᠶᠠᠪᠠᠯ ᠢᠯᠡᠭᠦᠦ ᠣᠯᠬᠤ︾ ᠳᠦᠷᠢᠮ ᠢ ᠦᠨᠳᠦᠰᠦᠯᠡᠪᠡᠯ᠂ ᠲᠠᠩᠰᠠ ᠲᠠᠶᠢᠯᠬᠤ ᠬᠠᠷᠢᠴᠠᠯ ᠨᠢ ᠲᠣᠰ ᠲᠣᠰ | 70% ᠪᠠ 50% ᠪᠣᠯᠣᠨ᠎ᠠ᠃ ᠲᠥᠰᠥᠭᠡᠯᠡᠨ ᠪᠤᠳᠤᠬᠰᠠᠨ ᠢᠶᠠᠷ᠂ ᠡᠳᠡᠭᠡᠷ ᠵᠦᠢᠯ ᠢ ᠡᠮ ᠡᠮᠨᠡᠯᠭᠡ ᠶᠢᠨ | ᠳᠠᠭᠠᠳᠬᠠᠯ ᠳᠤ ᠣᠷᠣᠭᠤᠯᠤᠭᠰᠠᠨ ᠢᠶᠠᠷ ᠪᠦᠭᠦ ᠣᠷᠣᠨ ᠳᠤ ᠵᠢᠯ ᠪᠦᠷᠢ 7000 ᠣᠷᠴᠢᠮ ᠭᠡᠷ ᠪᠦᠯᠢ ᠠᠰᠢᠭ | ᠭᠦᠷᠳᠡᠭᠦ ᠪᠣᠯᠣᠨ᠎ᠠ᠃ |