ᠬᠥᠬᠡᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠲᠠᠢ ᠬᠠᠮᠲᠤᠷᠠᠨ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠣᠶᠣᠯ ᠤᠨ ᠢᠲᠡᠭᠡᠯ ᠢ ᠪᠣᠢ ᠪᠣᠯᠭᠠᠨ᠂ ᠰᠣᠶᠣᠯ ᠤᠨ ᠵᠠᠰᠠᠯᠲᠠ ᠶᠢᠨ ᠨᠡᠷᠡᠲᠦ ᠲᠦᠷᠦᠯ ᠲᠡᠮᠲᠡᠭᠲᠦ ᠶᠢ ᠪᠠᠲᠤᠳᠬᠠᠵᠤ᠂ ᠠᠷᠠᠳ ᠣᠯᠠᠨ ᠳᠤ ᠪᠣᠳᠠᠲᠤ ᠶᠠᠪᠤᠳᠠᠯ ᠬᠢᠵᠦ ᠥᠭᠬᠦ ᠶᠢ ᠪᠤᠴᠠᠬᠤ ᠬᠥᠮᠦᠰ ᠤᠨ ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠠᠵᠢᠯ ᠳᠡᠭᠡᠷ᠎ᠡ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ  ᠪᠤᠲᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠥᠬᠡᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠢᠦᠢ ᠴᠢᠤᠸᠠᠨ ᠲᠣᠭᠤᠷᠢᠭ ᠤᠨ ᠨᠣᠮ ᠤᠨ ᠰᠠᠩ ᠲᠠᠢ ᠬᠠᠮᠲᠤᠷᠠᠨ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠪᠡ᠃
     ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠰᠣᠶᠣᠯ ᠤᠨ ᠠᠵᠢᠯᠯᠠᠭ᠎ᠠ ᠶᠢᠨ ᠰᠠᠭᠤᠷᠢᠨ ᠭᠠᠵᠠᠷ ᠤᠨ ᠢᠦᠢ ᠴᠢᠤᠸᠠᠨ ᠲᠣᠭᠤᠷᠢᠭ ᠤᠨ ᠨᠣᠮ ᠤᠨ ᠰᠠᠩ ᠤᠨ ︽ᠷᠦᠨ ᠢᠦᠢ︾ ᠨᠣᠮ ᠤᠩᠰᠢᠬᠤ ᠬᠤᠷᠢᠶ᠎ᠠ ᠳᠤ᠂ ᠠᠷᠠᠳ ᠤᠨ ᠴᠠᠭᠳᠠᠭ᠎ᠠ᠂ ᠬᠤᠤᠷ ᠴᠠᠭᠠᠵᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠡᠲᠡᠭᠡᠳ ᠢᠦᠢ ᠴᠢᠤᠸᠠᠨ ᠲᠣᠭᠤᠷᠢᠭ ᠤᠨ ᠨᠣᠮ ᠤᠨ ᠰᠠᠩ ᠤᠨ ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠡᠲᠡᠭᠡᠳ ᠲᠤ ᠬᠠᠩᠭᠠᠭᠰᠠᠨ ᠨᠣᠮ ᠤᠩᠰᠢᠵᠤ ᠰᠤᠷᠤᠯᠴᠠᠬᠤ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠳᠠᠷᠠᠭ᠎ᠠ ᠨᠢ ᠠᠷᠠᠳ ᠤᠨ ᠴᠠᠭᠳᠠᠭ᠎ᠠ ᠨᠠᠷ ᠨᠣᠮ ᠤᠨ ᠰᠠᠩ ᠠᠴᠠ ︽ᠳᠤᠮᠳᠠᠳᠤ ᠶᠢᠨ ᠵᠡᠭᠦᠳᠦ — ᠳᠤᠮᠳᠠᠳᠤ ᠤᠯᠤᠰ ᠤᠨ ᠬᠠᠷᠠᠯᠲᠠ᠂ ᠵᠠᠮ ᠵᠢᠴᠢ ᠥᠪᠡᠷ ᠤᠨ ᠢᠲᠡᠭᠡᠯ ᠤᠨ ᠬᠦᠴᠦᠨ︾᠂ ︽ᠳᠤᠮᠳᠠᠳᠤ ᠶᠢᠨ ᠰᠣᠶᠣᠯ ︵ᠠᠷᠠᠳ ᠤᠨ ᠵᠠᠩ ᠦᠢᠯᠡ ᠶᠢᠨ ᠪᠤᠲᠢ︶︾᠂ ︽ᠬᠡᠷᠪᠡ ᠨᠠᠳᠠ ᠳᠤ ᠭᠤᠷᠪᠠᠨ ᠡᠳᠦᠷ ᠤᠨ ᠭᠡᠷᠡᠯ ᠭᠡᠭᠡ ᠣᠯᠭᠤᠪᠠᠯ︾ ᠵᠡᠷᠭᠡ ᠣᠯᠠᠨ ᠨᠣᠮ ᠢ ᠨᠠᠷᠢᠨ ᠨᠢᠮᠪᠠᠶ ᠰᠣᠩᠭᠤᠨ ᠭᠠᠷᠭᠠᠵᠤ᠂ ᠳᠠᠭᠠᠭᠤᠯᠤᠨ ᠤᠩᠰᠢᠬᠤ᠂ ᠲᠠᠶᠢᠯᠪᠤᠷᠢᠯᠠᠬᠤ᠂ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠷᠬᠦᠯᠵᠢᠯᠡᠨ ᠬᠠᠷᠠᠭᠠᠯᠵᠠᠨ ᠬᠠᠮᠢᠶᠠᠷᠬᠤ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠪᠢᠴᠢᠭ ᠤᠨ ᠰᠤᠷᠪᠤᠯᠵᠢ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠪᠤᠶ ᠪᠣᠯᠭᠠᠵᠤ᠂ ᠤᠩᠰᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠬᠤᠪᠢᠷᠠᠭᠤᠯᠬᠤ ᠢᠲᠡᠭᠡᠯ ᠵᠣᠷᠢᠭ ᠢᠶᠠᠨ ᠬᠥᠪᠴᠢᠯᠡᠵᠦ᠂ ᠲᠡᠳᠡ ᠤᠩᠰᠢᠵᠤ ᠥᠩᠭᠡᠷᠡᠭᠰᠡᠨ ᠨᠣᠮ ᠪᠢᠴᠢᠭ ᠤᠨ ᠢᠶᠠᠨ ᠲᠣᠭᠤᠷᠢᠨ ᠳᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠳᠠᠯᠢ ᠪᠤᠰᠤ ᠬᠠᠷᠠᠭᠠᠰᠤ ᠠᠴᠠ ᠨᠣᠮ ᠤᠩᠰᠢᠭᠰᠠᠨ ᠤ ᠣᠯᠤᠯᠲᠠ ᠶᠢ ᠠᠭᠤᠵᠢᠷᠠᠲᠠᠯ᠎ᠠ ᠶᠠᠷᠢᠯᠴᠠᠵᠤ᠂ ᠨᠣᠮ ᠤᠨ ᠦᠨᠦᠷ ᠢ ᠠᠮᠲᠠᠷᠬᠠᠨ᠂ ᠨᠣᠮ ᠤᠨ ᠦᠨᠦᠷ ᠢᠶᠠᠷ ᠣᠶᠤᠨ ᠰᠠᠨᠠᠭ᠎ᠠ ᠶᠢ ᠤᠮᠳᠠᠯᠠᠵᠤ᠂ ᠨᠣᠮ ᠤᠩᠰᠢᠬᠤ ᠳᠤᠮᠳᠠ ᠪᠠᠨ ᠲᠠᠰᠤᠷᠠᠯᠲᠠ ᠦᠭᠡᠶ ᠤᠶᠢᠯᠠᠭᠠᠨ ᠮᠡᠳᠡᠷᠡᠵᠦ᠂ ᠵᠥᠪ ᠣᠨᠣᠪᠴᠢᠲᠠᠶ ᠠᠮᠢᠳᠤᠷᠠᠯ ᠤᠨ ᠬᠠᠷᠠᠯᠲᠠ ᠪᠠ ᠠᠮᠢᠳᠤᠷᠠᠯ ᠤᠨ ᠴᠢᠭᠯᠡᠯ ᠢ ᠳᠠᠬᠢᠨ ᠪᠤᠶ ᠪᠣᠯᠭᠠᠵᠤ᠂ ᠨᠣᠮ ᠤᠩᠰᠢᠬᠤ ᠪᠠᠷ ᠳᠡᠮᠵᠢᠨ᠂ ᠰᠢᠨ᠎ᠡ ᠠᠮᠢᠳᠤᠷᠠᠯ ᠤᠨ ᠮᠡᠳᠡᠷᠡᠮᠵᠢ ᠪᠠ ᠤᠷᠮ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠪᠤᠶ ᠪᠣᠯᠭᠠᠵᠤ᠂ ᠬᠤᠤᠷᠲᠤ ᠡᠳ᠋ ᠢ ᠬᠠᠮᠲᠤ ᠪᠠᠷ ᠡᠰᠡᠷᠭᠦᠴᠡᠨ᠂ ᠰᠢᠨ᠎ᠡ ᠠᠮᠢᠳᠤᠷᠠᠯ ᠢ ᠴᠣᠭᠴᠠᠯᠠᠨ᠎ᠠ᠃      ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ  ᠲᠠᠲᠠᠬᠤ ᠶᠢ ᠵᠣᠭᠰᠣᠭᠠᠬᠤ ᠭᠠᠵᠠᠷ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠲᠠᠢ ᠬᠠᠮᠲᠤᠷᠠᠨ ᠠᠵᠢᠯᠯᠠᠬᠤ ᠰᠠᠨᠠᠯ ᠲᠣᠬᠢᠷᠠᠯᠴᠠᠵᠤ᠂ ᠬᠠᠷᠠᠭᠠᠯᠵᠠᠨ ᠬᠠᠮᠢᠶᠠᠷᠴᠤ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠷᠬᠦᠯᠵᠢᠯᠡᠨ ᠬᠠᠷᠠᠭᠠᠯᠵᠠᠨ ᠬᠠᠮᠢᠶᠠᠷᠤᠭᠴᠢᠳ ᠲᠤ ᠤᠩᠰᠢᠯᠭ᠎ᠠ ᠶᠢᠨ ᠲᠠᠪᠴᠠᠩ ᠪᠠᠶᠢᠭᠤᠯᠤᠨ ᠥᠭᠴᠦ᠂ ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠬᠥᠮᠦᠰ ᠤᠨ ᠰᠣᠶᠣᠯ ᠤᠨ ᠠᠵᠢᠯᠯᠠᠭ᠎ᠠ ᠶᠢᠨ ᠰᠠᠭᠤᠷᠢᠨ ᠭᠠᠵᠠᠷ ᠢ ᠨᠣᠮ ᠤᠨ ᠰᠠᠩ ᠳᠤ ᠪᠠᠶᠢᠭᠤᠯᠵᠤ᠂ ᠨᠣᠮ ᠤᠨ ᠰᠠᠩ ᠤᠨ ᠡᠬᠢ ᠪᠠᠶᠠᠯᠢᠭ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠷᠭᠦᠯᠵᠢᠯᠡᠨ ᠬᠠᠷᠠᠭᠠᠯᠵᠠᠨ ᠬᠠᠮᠢᠶᠠᠷᠬᠤ ᠡᠲᠡᠭᠡᠳ ᠢᠶᠠᠨ ᠬᠠᠯᠠᠮᠵᠢᠯᠠᠨ ᠬᠠᠶᠢᠷᠠᠯᠠᠵᠤ᠂ ᠲᠡᠳᠡᠨ ᠢ ᠨᠣᠮ ᠤᠩᠰᠢᠬᠤ᠂ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠬᠤ ᠪᠠᠷ ᠳᠠᠮᠵᠢᠭᠤᠯᠵᠤ᠂ ᠬᠠᠤᠯᠢ ᠲᠦᠷᠢᠮ ᠤᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠨᠣᠮ ᠪᠢᠴᠢᠭ ᠢᠶᠠᠷ ᠬᠠᠪᠰᠤᠷᠤᠨ ᠲᠡᠳᠬᠦᠬᠦ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠵᠤ᠂ ᠬᠤᠪᠢᠰᠬᠠᠯ ᠤᠨ ᠰᠣᠩᠭᠤᠳᠠᠭ ᠨᠣᠮ ᠪᠢᠴᠢᠭ ᠤᠨ ᠭᠤᠣᠯ ᠰᠡᠳᠦᠪᠲᠦ ᠦᠵᠡᠰᠬᠦᠯᠡᠩ᠂ ᠤᠩᠰᠢᠯᠭ᠎ᠠ ᠶᠢᠨ ᠴᠤᠭᠯᠠᠭᠠᠨ᠂ ᠰᠠᠶᠢᠨ ᠨᠣᠮ ᠰᠠᠶᠢᠨ ᠵᠣᠬᠢᠶᠠᠯ ᠢ ᠬᠤᠪᠢᠶᠠᠯᠴᠠᠨ ᠡᠳ᠋ᠯᠡᠬᠦ ᠵᠡᠷᠭᠡ ᠰᠢᠷᠢᠰ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠡᠳᠡᠨ ᠤ ᠵᠥᠪ ᠣᠨᠣᠪᠴᠢᠲᠠᠢ ᠠᠮᠢᠳᠤᠷᠠᠬᠤᠢ ᠶᠢᠨ ᠦᠵᠡᠯᠲᠡ᠂ ᠶᠢᠷᠲᠢᠨᠴᠦ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠤᠯᠠᠮ ᠴᠢᠨᠠᠭᠰᠢᠳᠠ ᠪᠤᠢ ᠪᠣᠯᠭᠠᠵᠤ᠂ ᠤᠩᠰᠢᠯᠭ᠎ᠠ ᠶᠢᠨ ᠳᠤᠮᠳᠠ ᠣᠶᠤᠨᠴᠢ ᠴᠢᠨᠠᠷ᠂ ᠠᠮᠢ ᠨᠠᠰᠤ ᠪᠠ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠣᠯᠵᠤ ᠮᠡᠳᠡᠷᠡᠭᠦᠯᠬᠦ ᠬᠡᠷᠡᠭᠲᠡᠢ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号