ᠢᠦᠶ ᠴᠢᠤᠸᠠᠨ ᠲᠣᠭᠤᠷᠢᠭ ᠤᠨ ᠬᠢᠨ ᠪᠥᠬᠦ ᠲᠤᠭᠤᠷᠢᠭ ᠤᠨ ᠠᠵᠢᠯ ᠲᠥᠷᠥᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/2/6
     ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 2 ᠤᠨ ᠡᠳᠦᠷ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠣᠨᠴᠠᠯᠢᠭ ᠲᠠᠢ ᠤᠶᠠᠯᠳᠤᠭᠤᠯᠤᠨ᠂ ᠪᠥᠬᠦ ᠲᠤᠭᠤᠷᠢᠭ ᠤᠨ ᠠᠵᠢᠯ ᠲᠥᠷᠥᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠪᠠ ᠭᠤᠤᠯᠳᠠᠯᠭ᠎ᠠ ᠲᠠᠢ ᠨᠢᠭᠡᠴᠢ ᠵᠡᠷᠭᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠵᠣᠬᠢᠶᠠᠨ ᠪᠠᠶᠢᠭᠤᠯᠤᠨ ᠪᠥᠬᠦ ᠲᠠᠯ᠎ᠠ ᠶᠢᠨ᠂ ᠨᠠᠷᠢᠯᠢᠭ ᠣᠨᠣᠴᠠᠲᠠᠶ᠂ ᠣᠯᠠᠨ ᠲᠠᠰ ᠳᠠᠪᠬᠤᠷᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠣᠯᠪᠠᠰᠤᠷᠠᠭᠤᠯᠤᠯ ᠢ ᠦᠷᠨᠢᠭᠦᠯᠪᠡ᠃
     ᠪᠣᠯᠪᠠᠰᠤᠷᠠᠭᠤᠯᠤᠯ ᠤᠨ ᠳᠤᠮᠳᠠ᠂ ᠬᠢᠨᠠᠯᠲᠠ ᠲᠠᠯᠪᠢᠭᠴᠢ ᠡᠩ ᠲᠡᠷᠢᠭᠦᠨ ᠳᠤ ᠬᠠᠷᠢᠶ᠎ᠠ ᠣᠷᠣᠨ ᠤ ᠪᠠᠨ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠬᠦ ᠶᠢᠨ ᠬᠠᠮᠲᠤ᠂ ᠭᠠᠮᠰᠢᠭ ᠢ ᠲᠥᠪᠯᠡᠷᠡᠭᠦᠯᠦᠨ ᠠᠷᠢᠯᠭᠠᠵᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ᠂ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠭᠠᠯ ᠤᠨᠲᠠᠷᠠᠭᠠᠬᠤ ᠤᠬᠠᠭᠤᠯᠭ᠎ᠠ ᠶᠢ ᠬᠡᠷᠬᠢᠨ ᠥᠷᠨᠢᠭᠦᠯᠬᠦ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃ ᠭᠠᠯ ᠤᠨ ᠭᠠᠮᠰᠢᠭ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠪᠣᠯᠪᠠᠰᠤᠷᠠᠯ ᠳᠤ ᠣᠷᠣᠯᠴᠠᠭᠰᠠᠳ ᠲᠤ ᠬᠥᠮᠦᠨ ᠣᠯᠠᠨ ᠴᠤᠭᠯᠠᠷᠠᠳᠠᠭ ᠲᠠᠯᠠᠪᠤᠷ᠂ ᠭᠤᠷᠪᠠᠨ ᠲᠥᠷᠥᠯ ᠤᠨ ᠲᠠᠯᠠᠪᠤᠷ᠂ ︽ᠶᠢᠰᠦᠨ ᠵᠢᠵᠢᠭ ᠲᠠᠯᠠᠪᠤᠷ︾ ᠵᠡᠷᠭᠡ ᠨᠢᠭᠡᠴᠢ ᠲᠠᠯᠠᠪᠤᠷ ᠤᠨ ᠭᠠᠯ ᠤᠨ ᠠᠶᠤᠯ ᠤᠨ ᠣᠨᠴᠠᠯᠢᠭ᠂ ᠭᠠᠯ ᠤᠨ ᠠᠶᠤᠯ ᠤᠨ ᠲᠥᠷᠥᠯ ᠵᠦᠢᠯ᠂ ᠭᠠᠯ ᠤᠨᠲᠠᠷᠠᠭᠠᠬᠤ ᠦᠨᠳᠦᠰᠦᠨ ᠠᠷᠭ᠎ᠠ᠂ ᠦᠷᠭᠦᠯᠵᠢ ᠲᠣᠬᠢᠶᠠᠯᠳᠤᠬᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠠᠵᠢᠯᠯᠠᠭᠤᠯᠵᠤ ᠬᠡᠷᠡᠭᠯᠡᠬᠦ᠂ ᠳᠣᠲᠣᠭᠠᠳᠤ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ᠂ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠵᠢᠴᠢ ᠭᠠᠯ ᠤᠨ ᠲᠠᠯᠠᠪᠠᠶ ᠠᠴᠠ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠠᠷᠭ᠎ᠠ ᠮᠠᠶ᠋ᠢᠭ ᠪᠠ ᠠᠷᠭ᠎ᠠ ᠶᠢ ᠭᠦᠢᠴᠡᠳ ᠡᠵᠡᠮᠰᠢᠭᠦᠯᠪᠡ᠃
     ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠭᠠᠯ ᠤᠨᠲᠠᠷᠠᠭᠠᠬᠤ ᠶᠡᠭᠡ ᠠᠩᠭᠢ ᠶᠢᠨ ᠬᠢᠨᠠᠯᠲᠠ ᠲᠠᠯᠪᠢᠭᠴᠢ ᠪᠥᠬᠦ ᠲᠤᠭᠤᠷᠢᠭ ᠤᠨ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠤᠬᠠᠶ ᠰᠠᠨᠠᠭᠤᠯᠭ᠎ᠠ ᠳᠤᠷᠠᠳᠪᠠ᠄ ᠨᠢᠭᠡ ᠳᠤ ᠡᠯ᠎ᠡ ᠠᠵᠢᠯ ᠲᠥᠷᠥᠯ ᠤᠨ ᠰᠢᠰᠲ᠋ᠧᠮ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠢᠢᠷ᠎ᠠ ᠶᠢᠨ ᠬᠤᠭᠤᠴᠠᠭᠠᠨ ᠤ ᠭᠠᠯ ᠤᠨ ᠠᠶᠤᠯ ᠤᠨ ᠠᠳᠡᠯ ᠤᠨ ᠰᠤᠷᠭᠠᠮᠵᠢ ᠶᠢ ᠭᠦᠨᠵᠡᠭᠡᠶ ᠬᠥᠯᠢᠶᠡᠨ ᠠᠪᠴᠤ᠂ ᠮᠢᠨᠴᠦᠭᠦᠷᠡᠨ ᠲᠠᠶᠢᠪᠤᠰᠢᠷᠠᠬᠤ ᠭᠤᠷᠢᠳᠠᠬᠤ ᠪᠤᠳᠤᠯ ᠢᠶᠠᠨ ᠡᠷᠡᠰ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠬᠦ ᠬᠡᠷᠡᠭᠲᠡᠶ᠃ ᠬᠤᠶᠠᠷ ᠲᠤ᠂ ᠤᠯᠤᠰ ᠤᠨ ᠬᠠᠮᠢᠶ᠎ᠠ ᠪᠥᠬᠦᠶ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠣᠬᠢᠬᠤ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠳᠣᠭᠢᠷᠠᠭᠤᠯᠬᠤ ᠶᠢᠨ ᠬᠠᠮᠲᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠠᠮᠠᠭᠠᠯᠠᠨ ᠠᠷᠠᠴᠢᠯᠠᠬᠤ ᠠᠵᠢᠯ ᠢ ᠰᠠᠶᠢᠲᠤᠷ ᠬᠢᠵᠦ᠂ ᠪᠠᠭᠠᠵᠢ ᠬᠡᠷᠡᠭᠰᠡᠯ ᠤᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠬᠡᠮ ᠰᠣᠭᠤᠭ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ᠂ ᠭᠠᠯ ᠤᠨ ᠡᠬᠢ ᠰᠤᠷᠪᠤᠯᠵᠢ᠂ ᠴᠠᠬᠢᠯᠭᠠᠨ ᠡᠭᠦᠰᠭᠡᠭᠴᠢ᠂ ᠬᠡᠶ ᠶᠢᠨ ᠡᠬᠢ ᠰᠤᠷᠪᠤᠯᠵᠢ ᠶᠢᠨ ᠠᠵᠢᠯ ᠤᠨ ᠲᠠᠯ᠎ᠠ ᠪᠠᠷ ᠬᠠᠮᠢᠶᠠᠷᠤᠨ ᠡᠵᠡᠮᠳᠡᠬᠦ ᠬᠡᠷᠡᠭᠲᠡᠢ᠃ ᠭᠤᠷᠪᠠ ᠳᠤ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠰᠢᠰᠲ᠋ᠧᠮ ᠤᠨ ᠳᠣᠲᠣᠷᠠᠬᠢ ᠠᠵᠢᠯᠳᠠᠨ ᠠᠵᠢᠯᠴᠢᠳ ᠤᠨ ᠪᠣᠯᠪᠠᠰᠤᠷᠠᠭᠤᠯᠤᠯ ᠬᠥᠮᠦᠵᠢᠯ ᠤᠨ ᠡᠷᠴᠢᠮ ᠢ ᠴᠢᠩᠭᠠᠳᠬᠠᠨ᠂ ᠴᠢᠭᠯᠡᠭᠦᠯᠬᠦ ᠴᠢᠨᠠᠷ ᠲᠠᠢ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠤᠰ ᠨᠢᠭᠡᠴᠢ ᠶᠢᠨ ᠢᠶᠠᠨ ᠭᠠᠯ ᠤᠨ ᠭᠠᠮᠰᠢᠭ ᠤᠨ ᠠᠶᠤᠯ ᠲᠦᠭᠰᠢᠭᠦᠷᠢᠲᠦ ᠴᠢᠨᠠᠷ ᠪᠣᠯᠤᠨ ᠬᠥᠮᠦᠨ ᠤᠯᠠᠨ ᠬᠤᠷᠠᠵᠤ ᠴᠤᠭᠯᠠᠷᠠᠭᠰᠠᠨ ᠭᠠᠵᠠᠷ ᠲᠠᠯᠠᠪᠤᠷ ᠤᠨ ᠠᠮᠢ ᠵᠢᠭᠤᠲᠠᠬᠤ ᠠᠨᠢᠰᠤ ᠶᠢ ᠰᠢᠨᠵᠢᠯᠡᠬᠦ ᠤᠬᠠᠭᠠᠨ ᠢᠶᠠᠷ ᠲᠦᠭᠡᠮᠡᠯᠵᠢᠭᠦᠯᠵᠦ᠂ ᠨᠢᠭᠡᠴᠢ ᠪᠠᠨ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠪᠣᠯᠤᠨ ᠲᠠᠷᠬᠠᠭᠠᠵᠤ ᠠᠮᠢ ᠵᠢᠭᠤᠲᠠᠬᠤ ᠰᠣᠷᠢᠯᠲᠠ ᠶᠢ ᠥᠷᠨᠢᠭᠦᠯᠵᠦ᠂ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号