ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠄ ᠣᠯᠠᠨ ᠲᠦᠮᠡᠨ ᠤ ᠰᠡᠳᠬᠢᠯ ᠢ ᠮᠡᠳᠡᠭᠴᠢ ᠪᠠᠶᠢᠵᠤ ᠬᠤᠲᠠ ᠶᠢᠨ ᠰᠠᠬᠢᠨ ᠬᠠᠮᠠᠭᠠᠯᠠᠭᠴᠢ ᠪᠣᠯᠤᠨ᠎ᠠ
ᠨᠡᠶᠢᠲᠡᠯᠡᠭᠰᠡᠨ ᠴᠠᠭ᠄
2024/2/7
     ᠬᠤᠳᠠ ᠶᠢᠨ ᠬᠠᠮᠢᠶᠠᠷᠤᠯᠲᠠ ᠶᠢᠨ ᠠᠷᠠᠳ ᠤᠨ ᠲᠥᠯᠥᠭᠡ ᠭᠡᠳᠡᠭ ᠨᠢ ᠬᠤᠳᠠ ᠶᠢᠨ ᠬᠠᠮᠢᠶᠠᠷᠤᠯᠲᠠ ᠶᠢᠨ ᠪᠦᠳᠦᠭᠡᠨ ᠪᠠᠶᠢᠭᠤᠯᠤᠯᠲᠠ ᠳᠡᠭᠡᠷ᠎ᠡ ᠯᠡ ᠢᠯᠡᠷᠡᠵᠦ ᠪᠠᠶᠢᠬᠤ ᠪᠢᠰᠢ᠂ ᠨᠡᠩ ᠴᠤ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠪᠦᠷᠢ ᠳᠤ ᠢᠯᠡᠷᠡᠵᠦ ᠪᠠᠶᠢᠬᠤ ᠶᠤᠮ᠃ ᠢᠦᠢ ᠴᠢᠤᠸᠠᠨ ᠲᠣᠭᠤᠷᠢᠭ ᠤᠨ ︽ᠬᠤᠳᠠ ᠶᠢᠨ ᠬᠠᠮᠢᠶᠠᠷᠤᠭᠴᠢ︾ ᠶᠡᠷᠦᠨᠢ ᠤᠯᠠᠨ ᠲᠦᠮᠡᠨ ᠬᠠᠮᠤᠭ ᠠᠴᠠ ᠱᠠᠭᠠᠷᠲᠠᠵᠤ ᠪᠠᠶᠢᠭ᠎ᠠ ᠦᠶ᠎ᠡ ᠳᠤ ᠴᠡᠭᠡᠵᠢ ᠳᠦᠷᠢᠨ ᠭᠠᠷᠴᠤ᠂ ᠤᠯᠠᠨ ᠲᠦᠮᠡᠨ ᠪᠠᠴᠢᠮᠳᠠᠨ ᠵᠣᠪᠠᠨᠢᠵᠤ ᠪᠠᠶᠢᠭ᠎ᠠ ᠦᠶ᠎ᠡ ᠳᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠠᠮᠢᠳᠤᠷᠠᠯ ᠤᠨ ᠵᠢᠵᠢᠭ ᠰᠠᠵᠢᠭ ᠶᠠᠪᠤᠳᠠᠯ ᠳᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠢᠯᠡᠷᠡᠭᠦᠯᠦᠨ᠎ᠡ᠃ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠭᠡ ᠳᠠᠭᠤᠨ ᠦᠭᠡᠢ ᠪᠠᠷ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪᠦᠯ ᠤᠨ ᠡᠳᠦᠷ ᠤᠨ ᠰᠡᠳᠬᠢᠯ ᠢ ᠳᠤᠯᠠᠭᠠᠴᠠᠭᠤᠯᠤᠭᠰᠠᠨ ᠦᠯᠢᠭᠡᠷ ᠢ ᠪᠢᠴᠢᠭᠯᠡᠨ᠎ᠡ᠃
     ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠡᠯᠡᠳᠬᠡᠯ ᠳᠤᠮᠳᠠ ᠠᠩᠭᠢ ᠶᠢᠨ ᠭᠡᠰᠢᠭᠦᠳ ᠶᠢᠨ ᠾᠧ ᠡᠮᠦᠨ᠎ᠡ ᠵᠠᠮ ᠳᠤ ᠵᠢᠵᠢᠭᠦᠷᠯᠡᠨ ᠲᠣᠭᠤᠷᠢᠨ ᠪᠠᠶᠢᠴᠠᠭᠠᠵᠤ ᠪᠠᠶᠢᠲᠠᠯ᠎ᠠ ᠭᠡᠨᠡᠳᠲᠡ ᠨᠢᠭᠡᠨ ᠨᠦᠰᠡᠷ ᠶᠡᠭᠡ ᠲᠠᠭᠤᠨ ᠰᠣᠨᠣᠰᠳᠠᠵᠤ᠂ ᠨᠢᠭᠡ ᠴᠠᠭᠠᠨ ᠥᠩᠭᠡ ᠲᠠᠢ ᠮᠠᠰᠢᠨ ᠲᠡᠷᠭᠡ ᠪᠤᠰᠤᠳ ᠬᠤᠶᠠᠷ ᠮᠠᠰᠢᠨ ᠲᠡᠷᠭᠡ ᠲᠠᠢ ᠮᠥᠷᠭᠦᠯᠳᠦᠭᠡᠳ ᠵᠠᠮ ᠤᠨ ᠬᠠᠵᠠᠭᠤ ᠳᠤ ᠬᠥᠷᠪᠡᠪᠡ᠃ ᠽᠦᠸᠧ ᠶᠦᠩ ᠰᠢᠶᠠᠩ ᠵᠡᠷᠭᠡ ᠵᠢᠵᠢᠭᠦᠷᠯᠡᠭᠴᠢ ᠪᠠᠶᠢᠳᠠᠯ ᠢ ᠦᠵᠡᠮᠡᠭᠴᠡ ᠳᠠᠷᠦ᠋ᠢᠬᠠᠨ ᠠᠪᠤᠷᠠᠯᠲᠠ ᠬᠢᠵᠦ᠂ ᠵᠢᠯᠣᠭᠤᠴᠢ ᠶᠢᠨ ᠪᠡᠶ᠎ᠡ ᠶᠢᠨ ᠪᠠᠶᠢᠳᠠᠯ ᠢ ᠠᠰᠠᠭᠤᠵᠤ᠂ ᠬᠤᠲᠠ ᠶᠢᠨ ᠬᠠᠮᠢᠶᠠᠷᠤᠯᠲᠠ ᠶᠢᠨ ᠵᠢᠵᠢᠭᠦᠷᠯᠡᠭᠴᠢ ᠬᠥᠷᠪᠡᠭᠰᠡᠨ ᠲᠡᠷᠭᠡᠨ ᠤ ᠵᠢᠯᠣᠭᠤᠴᠢ ᠶᠢ ᠠᠪᠤᠷᠠᠨ ᠭᠠᠷᠭᠠᠵᠤ᠂ ᠬᠠᠯᠠᠭᠤᠨ ᠰᠡᠳᠬᠢᠯᠲᠦ ᠣᠯᠠᠨ ᠲᠦᠮᠡᠨ ᠲᠠᠢ ᠬᠠᠮᠲᠤ ᠪᠠᠷ ᠬᠠᠵᠠᠭᠤ ᠠᠴᠠ ᠨᠢ ᠬᠥᠷᠪᠡᠭᠰᠡᠨ ᠲᠡᠷᠭᠡ ᠶᠢ ᠳᠡᠮᠵᠢᠵᠦ᠂ ᠬᠤᠶᠠᠳᠠᠬᠢ ᠤᠳᠠᠭᠠᠨ ᠤ ᠠᠳᠡᠯ ᠭᠠᠷᠬᠤ ᠠᠴᠠ ᠪᠦᠲᠦᠮᠵᠢᠲᠡᠶ ᠪᠠᠷ ᠵᠠᠶᠢᠯᠠᠰᠬᠢᠵᠡᠶ᠃
     ᠪᠦᠬᠦ ᠬᠦᠴᠦᠨ ᠤ ᠲᠤᠰᠠᠯᠠᠮᠵᠢ ᠪᠠᠷ ᠳᠠᠮᠵᠢᠭᠠᠳ ᠵᠢᠯᠣᠭᠤᠴᠢ ᠰᠢᠷᠬᠠᠲᠤᠭᠰᠠᠨ ᠦᠭᠡᠶ᠃ ᠬᠤᠲᠠ ᠶᠢᠨ ᠬᠠᠮᠢᠶᠠᠷᠤᠯᠲᠠ ᠶᠢᠨ ᠵᠢᠵᠢᠭᠦᠷᠯᠡᠭᠴᠢ ᠴᠠᠭ ᠲᠤᠬᠠᠶ ᠳᠤᠨᠢ 122 ᠴᠠᠭᠳᠠᠭ᠎ᠠ ᠳᠤ ᠮᠡᠳᠡᠭᠦᠯᠬᠦ ᠤᠲᠠᠰᠤ ᠶᠢ ᠤᠲᠠᠰᠤᠳᠠᠬᠤ ᠶᠢᠨ ᠬᠠᠮᠲᠤ ᠠᠳᠡᠯ ᠢ ᠦᠷᠭᠦᠯᠵᠢᠯᠡᠨ ᠰᠢᠢᠳᠪᠦᠷᠢᠯᠡᠬᠦ ᠠᠵᠢᠯ ᠳᠤ ᠬᠠᠮᠵᠢᠪᠠ᠃ ᠬᠤᠲᠠ ᠶᠢᠨ ᠬᠠᠮᠢᠶᠠᠷᠤᠯᠲᠠ ᠶᠢᠨ ᠵᠢᠵᠢᠭᠦᠷᠯᠡᠭᠴᠢ ᠪᠠ ᠬᠠᠯᠠᠭᠤᠨ ᠰᠡᠳᠬᠢᠯᠲᠦ ᠣᠯᠠᠨ ᠲᠦᠮᠡᠨ ᠤ ᠬᠠᠪᠰᠤᠷᠤᠯᠭ᠎ᠠ ᠳᠣᠣᠷ᠎ᠠ᠂ ᠡᠨᠡ ᠤᠳᠠᠭᠠᠨ ᠤ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠢᠢᠳᠪᠦᠷᠢᠯᠡᠵᠡᠢ᠃
     ᠨᠢᠭᠡ ᠤᠳᠠᠭ᠎ᠠ ᠶᠢᠨ ᠠᠪᠤᠷᠠᠨ ᠲᠤᠰᠠᠯᠠᠯᠲᠠ᠂ ᠡᠷᠡᠰ ᠪᠠᠲᠤ ᠰᠠᠬᠢᠨ ᠬᠠᠮᠠᠭᠠᠯᠠᠯᠲᠠ ᠨᠢ ᠢᠦᠢ ᠴᠢᠤᠸᠠᠨ ᠲᠣᠭᠤᠷᠢᠭ ᠤᠨ ︽ᠬᠤᠳᠠ ᠶᠢᠨ ᠬᠠᠮᠢᠶᠠᠷᠤᠭᠴᠢ︾ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠬᠠᠷᠠᠭᠤᠯᠪᠠ᠃ ᠲᠡᠳᠡ ᠡᠭᠡᠯ ᠪᠣᠷᠣᠭᠵᠢᠭᠤᠨ ᠦᠢᠯᠡ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠠᠮᠢᠳᠤᠯᠢᠭ ᠢᠶᠠᠷ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠬᠠᠮᠲᠤ᠂ ᠥᠪᠡᠷ ᠤᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠭᠠᠵᠤ᠂ ᠡᠷᠬᠢᠨ ᠲᠣᠭᠤᠷᠢᠨ ᠤ ᠤᠯᠠᠨ ᠲᠦᠮᠡᠨ ᠢ ᠳᠠᠶᠢᠴᠢᠯᠠᠵᠤ᠂ ᠬᠠᠬᠢᠷ ᠡᠪᠦᠯ ᠤᠨ ᠤᠯᠠᠷᠢᠯ ᠳᠤ ᠤᠯᠠᠨ ᠳᠤ ᠬᠠᠯᠠᠭᠤᠨ ᠳᠤᠯᠠᠭᠠᠨ ᠲᠦᠷᠦᠭᠳᠡᠯ ᠣᠯᠭᠤᠵᠠᠢ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号