ᠢᠦᠶ ᠴᠢᠤᠸᠠᠨ ᠲᠣᠭᠤᠷᠢᠭ ᠲᠤ ︽ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠡᠭᠦᠳᠡ ᠴᠣᠩᠬᠤ ᠶᠢᠨ ᠪᠠᠶᠢᠷᠢᠯᠠᠭᠤᠯᠤᠯᠲᠠ ᠶᠢᠨ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠰᠠᠭᠠᠳ ᠪᠣᠳᠠᠰ ᠢ ᠨᠤᠷᠠᠭᠠᠬᠤ ᠲᠤᠬᠠᠶ ᠵᠠᠷᠯᠠᠯ︾ ᠢ ᠥᠷᠭᠡᠨ ᠢᠶᠠᠷ ᠨᠠᠭᠠᠪᠠ
ᠨᠡᠶᠢᠲᠡᠯᠡᠭᠰᠡᠨ ᠴᠠᠭ᠄
2024/2/7
     ᠡᠯ᠎ᠡ ᠭᠠᠵᠠᠷ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠶᠡᠭᠡ ᠠᠩᠭᠢ ᠶᠢᠨ ᠬᠢᠨᠠᠭᠴᠢ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠵᠣᠴᠢᠳ ᠤᠨ ᠪᠠᠭᠤᠳᠠᠯ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ᠂ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ︽ᠶᠢᠰᠦᠨ ᠵᠢᠵᠢᠭ ᠲᠠᠯᠠᠪᠤᠷ ᠭᠠᠵᠠᠷ︾᠂ ᠬᠥᠮᠦᠨ ᠬᠠᠷ᠎ᠠ ᠬᠤᠷᠠᠨ ᠴᠤᠭᠯᠠᠷᠠᠭᠰᠠᠨ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠤᠯᠤᠰ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶᠠᠨ ᠤ ︽ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠡᠭᠦᠳᠡ ᠴᠣᠩᠬᠤ ᠶᠢᠨ ᠪᠠᠶᠢᠷᠢᠯᠠᠭᠤᠯᠤᠯᠲᠠ ᠶᠢᠨ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠰᠠᠭᠠᠳ ᠪᠣᠳᠠᠰ ᠢ ᠨᠤᠷᠠᠭᠠᠬᠤ ᠲᠤᠬᠠᠶ ᠵᠠᠷᠯᠠᠯ︾ ᠢ ᠥᠷᠭᠡᠨ ᠢᠶᠠᠷ ᠨᠠᠭᠠᠵᠠᠶ᠃
     ᠵᠠᠷᠯᠠᠯ ᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ᠂ ᠵᠠᠬ᠎ᠠ ᠳᠡᠯᠭᠡᠭᠦᠷ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠰᠠᠩ ᠬᠥᠮᠥᠷᠭᠡ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠡᠯ᠎ᠡ ᠲᠥᠷᠥᠯ ᠤᠨ ᠲᠠᠯᠠᠪᠤᠷ ᠭᠠᠵᠠᠷ ᠪᠣᠯᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠢᠯᠡ ᠭᠠᠵᠠᠷ ᠲᠤ ᠨᠠᠭᠠᠵᠤ᠂ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠤᠬᠠᠭᠤᠯᠭ᠎ᠠ ᠶᠢᠨ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
     ᠵᠠᠷᠯᠠᠯ ᠨᠠᠭᠠᠬᠤ ᠶᠢᠨ ᠬᠠᠮᠲᠤ᠂ ᠤᠬᠠᠭᠤᠯᠭ᠎ᠠ ᠶᠢᠨ ᠠᠵᠢᠯᠲᠠᠨ ᠡᠯ᠎ᠡ ᠲᠠᠯᠠᠪᠤᠷ ᠤᠨ ᠬᠠᠷᠢᠭᠤᠴᠠᠯᠭᠠᠲᠠᠨ ᠪᠣᠯᠤᠨ ᠬᠠᠷᠢᠶ᠎ᠠ ᠣᠷᠣᠨ ᠤ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠴᠤ᠂ ᠡᠳᠦᠷ ᠲᠤᠳᠦᠮ ᠤᠨ ᠠᠮᠢᠳᠤᠷᠠᠯ ᠳᠤᠮᠳᠠ ᠭᠠᠯ᠂ ᠴᠠᠬᠢᠯᠭᠠᠨ᠂ ᠭᠡᠢ ᠶᠢ ᠠᠶᠤᠯ ᠤᠢᠭᠡᠢ ᠬᠡᠷᠡᠭᠯᠡᠬᠦ ᠶᠢ ᠠᠩᠬᠠᠷᠴᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠵᠤ ᠴᠠᠬᠢᠯᠭᠠᠨ ᠴᠡᠨᠡᠭᠯᠡᠬᠦ ᠶᠢ ᠵᠢᠷᠤᠮᠵᠢᠭᠤᠯᠵᠤ᠂ ᠭᠡᠷ ᠠᠴᠠ ᠪᠠᠨ ᠰᠠᠯᠪᠠᠯ ᠴᠠᠬᠢᠯᠭᠠᠨ ᠲᠠᠰᠤᠯᠬᠤ᠂ ᠭᠡᠷ ᠲᠡᠭᠡᠨ ᠡᠯᠳᠡᠪ ᠶᠠᠭᠤᠮ᠎ᠠ ᠣᠪᠣᠭᠠᠯᠠᠬᠤ ᠦᠭᠡᠢ ᠪᠠᠶᠢᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠪᠡᠶᠡᠯᠡᠭᠦᠯᠬᠦ ᠶᠢ ᠰᠠᠨᠠᠭᠤᠯᠬᠤ ᠶᠢᠨ ᠬᠠᠮᠲᠤ ᠡᠯ᠎ᠡ ᠭᠤᠣᠯᠳᠠᠯᠭ᠎ᠠ ᠲᠠᠢ ᠨᠢᠭᠡᠴᠢ᠂ ᠠᠳᠠᠯ ᠠᠬᠤᠶ ᠶᠢᠨ ᠬᠠᠷᠢᠭᠤᠴᠠᠯᠭᠠᠲᠠᠨ ᠢ ᠱᠠᠭᠠᠷᠳᠠᠵᠤ ᠪᠠᠶᠢᠭᠠᠳ ᠡᠳᠦᠷ ᠲᠤᠳᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠡᠯ᠎ᠡ ᠲᠦᠷᠦᠯ ᠤᠨ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃
        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号