ᠢᠦᠶ ᠴᠢᠤᠸᠠᠨ ᠲᠣᠭᠤᠷᠢᠭ ︽ᠪᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠤ ᠰᠢᠨ᠎ᠡ ᠵᠢᠯ ᠢᠶᠠᠨ ᠥᠩᠭᠡᠷᠡᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/2/8
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 5 ᠤ ᠡᠳᠦᠷ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠤ ᠳ᠋ᠧᠩ ᠵᠤᠯᠠ ᠠᠰᠠᠭᠠᠵᠤ᠂ ︽ᠪᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠤ ᠰᠢᠨ᠎ᠡ ᠵᠢᠯ ᠢᠶᠠᠨ ᠥᠩᠭᠡᠷᠡᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠳᠤ ᠮᠠᠰᠢ ᠤᠯᠠᠨ ᠰᠠᠭᠤᠭᠠᠯᠢ ᠠᠷᠠᠳ ᠣᠷᠣᠯᠴᠠᠵᠤ᠂ ᠤᠯᠠᠨ ᠢᠶᠠᠷ ᠢᠶᠠᠨ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠬᠠᠮᠲᠤ ᠪᠠᠷ ᠮᠡᠳᠡᠷᠡᠵᠦ᠂ ᠰᠢᠨ᠎ᠡ ᠵᠢᠯ ᠢᠶᠠᠨ ᠬᠠᠮᠲᠤ ᠪᠠᠷ ᠤᠭᠲᠤᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠴᠠᠭᠠᠨ ᠰᠠᠷ᠎ᠠ ᠶᠢᠨ ᠵᠢᠷᠤᠭ ᠵᠢᠷᠤᠬᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠢ ᠪᠡᠶᠡᠴᠢᠯᠡᠨ ᠣᠶᠢᠯᠠᠭᠠᠬᠤ᠂ ︽ᠨᠠᠮ ᠤᠨ ᠠᠴᠢ ᠶᠢ ᠮᠠᠭᠲᠠᠨ ᠳᠠᠭᠤᠯᠬᠠᠤ︾ ᠱᠤᠭ ᠶᠠᠷᠢᠶᠠᠨ ᠤ ᠲᠣᠭᠯᠠᠯᠲᠠ ᠵᠡᠷᠭᠡ ᠠᠵᠢᠯᠯᠠᠭ᠎ᠠ ᠨᠢ ᠲᠤᠬᠠᠶ ᠶᠢᠨ ᠲᠠᠯᠠᠪᠠᠶ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢ᠂ ᠰᠠᠭᠤᠭᠠᠯᠢ ᠠᠷᠠᠳ ᠣᠯᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠨᠢᠭᠡ ᠲᠠᠩᠬᠢᠮ ᠳᠤ ᠴᠤᠭᠯᠠᠷᠠᠨ᠂ ᠰᠢᠷᠡᠭᠡᠨ ᠤ ᠬᠠᠵᠠᠭᠤ ᠳᠤ ᠲᠣᠭᠤᠷᠢᠨ ᠰᠠᠭᠤᠭᠠᠳ ᠤᠷᠠᠨ ᠰᠠᠶᠢᠬᠠᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠲᠤᠬᠠᠢ ᠶᠢᠨ ᠲᠠᠯᠠᠪᠠᠢ ᠶᠢᠨ ᠵᠢᠷᠤᠭ ᠵᠢᠷᠤᠬᠤ ᠶᠢ ᠬᠠᠮᠲᠤᠪᠠᠷ ᠰᠣᠨᠢᠷᠬᠠᠵᠤ᠂ ᠭᠤᠶᠢᠳᠠ ᠰᠠᠶᠢᠬᠠᠨ ᠵᠢᠷᠤᠭ ᠤᠨ ᠤᠷᠠᠯᠢᠭ ᠵᠢᠴᠢ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠰᠠᠶᠢᠨ ᠢᠷᠸ᠎ᠠ ᠨᠢ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠬᠦᠷᠲᠡᠵᠦ᠂ ᠱᠤᠭ ᠶᠠᠷᠢᠶᠠᠨ ᠤ ᠲᠣᠭᠯᠠᠭᠴᠢᠳ ᠠᠮᠢᠳᠤᠷᠠᠯ ᠳᠤ ᠤᠢᠢᠷᠠᠳᠤᠭᠰᠠᠨ᠂ ᠢᠨᠢᠶᠡᠳᠦᠮ ᠲᠠᠢ ᠲᠣᠭᠯᠠᠯᠲᠠ ᠪᠠᠷ ᠢᠶᠠᠨ ᠲᠤᠬᠠᠢ ᠶᠢᠨ ᠲᠠᠯᠠᠪᠠᠢ ᠶᠢᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠤᠭᠳᠠᠬᠤᠨ ᠢ ᠥᠷᠭᠡᠳᠬᠡᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ ᠠᠵᠢᠯᠯᠠᠭ᠎ᠠ ᠶᠢᠨ ᠳᠤᠮᠳᠠ᠂ ᠲᠣᠭᠤᠷᠢᠭ ᠲᠤ ᠰᠠᠭᠤᠭ᠎ᠠ ᠥᠪᠥᠷ ᠮᠣᠩᠭᠤᠯ ᠤᠨ ᠭᠠᠵᠠᠷ ᠠᠭᠤᠷᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠢᠨ ᠬᠥ᠋ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠨᠢᠭᠡᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠲᠤ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ᠂ ᠴᠠᠭᠠᠨ ᠰᠠᠷ᠎ᠠ ᠶᠢᠨ ᠵᠢᠷᠤᠭ᠂ ᠴᠠᠭ ᠤᠯᠠᠷᠢᠯ ᠤᠨ ᠪᠢᠴᠢᠭ ᠵᠡᠷᠭᠡ ᠡᠳ᠋ ᠪᠣᠳᠠᠰ ᠬᠦᠷᠭᠡᠵᠦ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃
     ︽ᠪᠢ ᠪᠣᠯᠪᠠᠰᠤᠨ ᠦᠢᠯᠡᠳᠦᠯᠭᠡ ᠶᠢᠨ ᠲᠥᠪ ᠲᠤ ᠰᠢᠨ᠎ᠡ ᠵᠢᠯ ᠢᠶᠠᠨ ᠥᠩᠭᠡᠷᠡᠭᠦᠯᠦᠶ᠎ᠡ︾ ᠭᠡᠬᠦ ᠠᠵᠢᠯᠯᠠᠭ᠎ᠠ ᠶᠠᠪᠤᠭᠳᠠᠭᠰᠠᠨ ᠨᠢ ᠦᠨᠳᠦᠰᠦᠨ ᠱᠠᠲᠤᠨ ᠤ ᠤᠯᠠᠨ ᠲᠦᠮᠡᠨ ᠤ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠦᠷ ᠬᠥᠭᠵᠢᠶᠡᠨ ᠲᠠᠢ ᠠᠭᠤᠷ ᠠᠮᠢᠰᠬᠤᠯ ᠢ ᠢᠯᠡᠷᠡᠭᠦᠯᠵᠦ᠂ ᠥᠷᠭᠡᠨ ᠤᠯᠠᠨ ᠲᠦᠮᠡᠨ ᠤ ᠣᠷᠣᠯᠴᠠᠬᠤ ᠳᠤᠮᠳᠠ ᠪᠠᠨ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ᠂ ᠤᠮᠠᠷᠠᠲᠤ ᠬᠢᠯᠢ ᠶᠢᠨ ᠰᠣᠶᠣᠯ ᠢ ᠣᠶᠢᠯᠠᠭᠠᠬᠤ ᠶᠢ ᠬᠦᠳᠦᠯᠦᠨ ᠳᠠᠭᠠᠭᠤᠯᠵᠤ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠦᠨ᠂ ᠰᠣᠶᠣᠯ ᠢ ᠡᠷᠬᠢᠮᠯᠡᠬᠦ ᠢᠦᠢ ᠴᠢᠤᠸᠠᠨ ᠢ ᠪᠤᠢ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠤᠯᠠᠮ ᠴᠢᠨᠠᠭᠰᠢᠳᠠ ᠠᠬᠢᠭᠤᠯᠤᠭᠰᠠᠨ ᠪᠠᠶᠢᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号